| 8 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠵᠡᠮᠳᠡᠭᠴᠦᠳ ᠤᠨ ᠬᠤᠯᠪᠣᠭ᠎ᠠ ᠲᠠᠢ ᠬᠠᠮᠲᠤᠷᠠᠨ ︽ᠬᠦᠴᠢᠷᠳᠡᠯᠲᠡᠶ ᠵᠡᠮᠳᠡᠭᠴᠦᠳ ᠤᠨ | ᠠᠮᠢᠳᠤᠷᠠᠯ ᠤᠨ ᠨᠥᠬᠦᠪᠥᠷᠢ ᠪᠠ ᠬᠦᠨᠳᠦ ᠳᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠪᠠᠷᠢᠮᠵᠢᠶ᠎ᠠ ᠶᠢ | ᠳᠡᠭᠡᠭᠰᠢᠯᠡᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠡᠮᠳᠡᠭᠴᠦᠳ ᠤᠨ ᠦᠨᠳᠦᠰᠦᠨ ᠠᠮᠢᠳᠤᠷᠠᠯ ᠤᠨ | ᠲᠦᠪᠰᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ 2024 ᠣᠨ ᠤ 7 ᠰᠠᠷ᠎ᠠ ᠠᠴᠠ ᠡᠬᠢᠯᠡᠨ᠂ ᠵᠡᠮᠳᠡᠭᠴᠦᠳ ᠤᠨ ︽ | ᠬᠤᠶᠠᠷ ᠵᠦᠢᠯ ᠤᠨ ᠨᠥᠬᠦᠪᠥᠷᠢ︾ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠦᠴᠢᠷᠳᠡᠯᠲᠡᠢ ᠵᠡᠮᠳᠡᠭᠴᠦᠳ ᠤᠨ | ᠠᠮᠢᠳᠤᠷᠠᠯ ᠤᠨ ᠨᠥᠬᠦᠪᠥᠷᠢ ᠪᠣᠯᠤᠨ ᠬᠦᠨᠳᠦ ᠲᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠪᠠᠷᠢᠮᠵᠢᠶ᠎ᠠ ᠶᠢ | ᠤᠤᠯ ᠤᠨ ᠬᠥᠮᠦᠨ ᠪᠦᠷᠢ ᠰᠠᠷ᠎ᠠ ᠳᠤ 100 ᠲᠥᠭᠦᠷᠢᠭ ᠪᠠᠶᠢᠭᠰᠠᠨ ᠠᠴᠠ 125 ᠲᠥᠭᠦᠷᠢᠭ ᠪᠣᠯᠭᠠᠨ ᠲᠡᠭᠡᠭᠰᠢᠯᠡᠭᠦᠯᠪᠡ᠃ | | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠲᠣᠰ ᠵᠦᠶᠯ ᠤᠨ ᠪᠠᠷᠢᠮᠵᠢᠶ᠎ᠠ ᠶᠢ | ᠳᠡᠭᠡᠭᠰᠢᠯᠡᠭᠦᠯᠬᠦ ᠠᠵᠢᠯ ᠢ ᠣᠨᠣᠪᠴᠢᠲᠠᠶ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠪᠠᠯᠠ ᠮᠥᠩᠭᠦ ᠶᠢ ᠴᠠᠭ | ᠲᠤᠬᠠᠶ ᠳᠤᠨᠢ ᠲᠠᠷᠬᠠᠭᠠᠨ᠂ ᠤᠷᠢᠳᠴᠢᠯᠠᠨ ᠳᠣᠭᠢᠷᠠᠭᠤᠯᠤᠨ ᠪᠠᠶᠢᠷᠢᠯᠠᠭᠤᠯᠵᠤ᠂ ᠨᠥᠬᠦᠵᠦ ᠣᠯᠭᠤᠭᠰᠠᠨ ᠬᠥᠮᠦᠰ ᠤᠨ | ᠨᠡᠷᠡᠰ ᠢ ᠨᠠᠷᠢᠨ ᠬᠢᠨᠠᠮᠠᠭᠠᠶ ᠬᠠᠷᠭᠤᠭᠤᠯᠤᠨ ᠲᠣᠳᠣᠷᠬᠠᠶᠢᠯᠠᠵᠤ᠂ ᠣᠲᠣ ᠪᠣᠯᠬᠤ ᠳᠤ 1675 ᠬᠦᠴᠢᠷᠳᠡᠯᠲᠡᠶ | ᠵᠡᠮᠳᠡᠭᠴᠦᠳ ᠲᠤ 7 - 8 ᠰᠠᠷ᠎ᠠ ᠶᠢᠨ ᠠᠮᠢᠳᠤᠷᠠᠯ ᠤᠨ ᠨᠥᠬᠦᠪᠥᠷᠢ 4.19 ᠲᠦᠮᠡᠨ ᠲᠥᠭᠦᠷᠢᠭ ᠨᠥᠬᠦᠪᠥᠷᠢᠯᠡᠨ ᠥᠭᠴᠦ᠂ | 2804 ᠬᠦᠨᠳᠦ ᠳᠡᠰ ᠤᠨ ᠵᠡᠮᠳᠡᠭᠴᠦᠳ ᠲᠤ 7 - 8 ᠰᠠᠷ᠎ᠠ ᠶᠢᠨ ᠰᠤᠪᠢᠯᠠᠯᠲᠠ ᠶᠢᠨ ᠨᠥᠬᠦᠪᠥᠷᠢ 7.01 ᠲᠦᠮᠡᠨ | ᠲᠥᠭᠦᠷᠢᠭ ᠨᠥᠬᠦᠪᠥᠷᠢᠯᠡᠨ ᠥᠭᠴᠦ᠂ ᠲᠤᠰ ᠬᠤᠶᠠᠷ ᠵᠦᠶᠯ ᠳᠤ ᠨᠡᠶᠢᠲᠡ 11.2 ᠲᠦᠮᠡᠨ ᠲᠥᠭᠦᠷᠢᠭ ᠨᠥᠬᠦᠪᠥᠷᠢᠯᠡᠨ | ᠥᠭᠴᠡᠶ ᠃ | 9 ᠳ᠋ᠦ᠋ᠭᠡᠷ ᠰᠠᠷ᠎ᠠ ᠳᠤ᠂ 845 ᠬᠦᠴᠢᠷᠳᠡᠯᠲᠡᠶ ᠵᠡᠮᠳᠡᠭᠴᠦᠳ ᠲᠤ 10.56 ᠲᠦᠮᠡᠨ ᠲᠥᠭᠦᠷᠢᠭ ᠤᠨ ᠠᠮᠢᠳᠤᠷᠠᠯ ᠤᠨ | ᠨᠥᠬᠦᠪᠥᠷᠢ ᠣᠯᠭᠤᠵᠤ᠂ 1417 ᠬᠦᠨᠳᠦ ᠵᠡᠮᠳᠡᠭᠴᠦᠳ ᠲᠤ 17.71 ᠲᠦᠮᠡᠨ ᠲᠥᠭᠦᠷᠢᠭ ᠤᠨ ᠰᠤᠪᠢᠯᠠᠯᠲᠠ ᠶᠢᠨ | ᠨᠥᠬᠦᠪᠥᠷᠢ ᠣᠯᠭᠤᠨ᠂ 9 ᠳ᠋ᠦ᠋ᠭᠡᠷ ᠰᠠᠷ᠎ᠠ ᠳᠤ ᠵᠡᠮᠳᠡᠭᠴᠦᠳ ᠲᠤ ᠨᠡᠶᠢᠲᠡ 28.27 ᠲᠦᠮᠡᠨ ᠲᠥᠭᠦᠷᠢᠭ ᠤᠨ ︽ᠬᠤᠶᠠᠷ | ᠵᠦᠶᠯ ᠤᠨ ᠨᠥᠬᠦᠪᠥᠷᠢ ︾ ᠣᠯᠭᠤᠪᠠ᠃ | ᠲᠣᠰ ᠤᠳᠠᠭᠠᠨ ᠤ ᠵᠡᠮᠳᠡᠭᠴᠦᠳ ᠤᠨ ︽ᠬᠤᠶᠠᠷ ᠵᠦᠶᠯ ᠤᠨ ᠨᠥᠬᠦᠪᠥᠷᠢ︾ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ | ᠠᠵᠢᠯ ᠨᠢ ᠵᠡᠮᠳᠡᠭᠴᠦᠳ ᠤᠨ ᠦᠨᠳᠦᠰᠦᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠵᠤ᠂ ᠵᠡᠮᠳᠡᠭᠴᠦᠳ ᠤᠨ ᠵᠣᠯ | ᠵᠢᠷᠭᠠᠯᠲᠤ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ | | | | |