︽ᠭᠠᠷᠭᠠᠯᠲᠠ ᠶᠢᠨ ᠨᠥᠬᠦᠪᠦᠷᠢ︾ ᠶᠢ ᠪᠡᠶᠡᠯᠡᠭᠦᠯᠵᠦ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/10/14
     ᠬᠥᠳᠡᠭᠡ ᠲᠣᠰᠬᠤᠨ ᠤ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠵᠦ᠂ ᠶᠠᠳᠠᠭᠤ   ᠠᠴᠠ ᠠᠩᠭᠢᠵᠢᠷᠠᠭᠰᠠᠨ ᠡᠷᠦᠬᠡ ᠶᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠬᠤᠳᠠᠯᠳᠤᠭᠠᠨ ᠤ ᠨᠡᠶᠢᠭᠡᠮᠯᠢᠭ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠣᠨᠴᠠᠭᠠᠶᠢᠯᠠᠨ ︽ᠭᠠᠷᠭᠠᠯᠲᠠ ᠶᠢᠨ ᠨᠥᠬᠦᠪᠦᠷᠢ︾ ᠭᠠᠷᠭᠠᠪᠠ᠃ ᠣᠶᠢᠷ᠎ᠠ ᠳᠤ᠂ ᠡᠷᠬᠡᠲᠦ ᠣᠪᠣᠭ᠎ᠠ ᠭᠠᠴᠠᠭᠠᠨ ᠤ ᠮᠠᠯᠴᠢᠨ ᠰᠠᠷᠠᠨᠴᠣᠭᠲᠤ ᠡᠨᠡ ᠬᠦ ︽ᠭᠠᠷᠭᠠᠯᠲᠠ ᠶᠢᠨ ᠨᠥᠬᠦᠪᠦᠷᠢ︾ ᠪᠠᠷ ᠢᠶᠠᠨ 86 ᠬᠤᠷᠠᠭ᠎ᠠ ᠪᠠᠨ ᠬᠦᠢᠲᠡᠨ ᠬᠥᠮᠥᠷᠭᠡ ᠳᠤ ᠠᠮᠵᠢᠯᠲᠠ ᠲᠠᠢ ᠪᠠᠷ ᠬᠤᠳᠠᠯᠳᠤᠨ ᠥᠭᠴᠦ᠂ ᠡᠨᠡ ᠨᠢ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠤᠨᠢ ᠬᠤᠳᠠᠯᠳᠤᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ᠂ ᠪᠠᠰᠠ ᠶᠠᠳᠠᠭᠤ  ᠠᠴᠠ ᠠᠩᠭᠢᠵᠢᠷᠠᠭᠰᠠᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃     ᠣᠶᠢᠯᠠᠭᠠᠭᠰᠠᠨ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ 6 ᠰᠤᠮᠤ ᠪᠠᠯᠭᠠᠰᠤ ᠶᠢ ᠵᠣᠬᠢᠶᠠᠨ ᠪᠠᠶᠢᠭᠤᠯᠵᠤ ᠲᠣᠰ ᠬᠠᠷᠢᠶ᠎ᠠ ᠣᠷᠣᠨ ᠤ ᠪᠠᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠮᠠᠯ ᠤᠨ ᠭᠠᠷᠭᠠᠯᠲᠠ ᠶᠢᠨ ᠪᠠᠶᠢᠳᠠᠯ ᠢ ᠪᠠᠶᠢᠴᠠᠭᠠᠨ ᠣᠶᠢᠯᠠᠭᠠᠵᠤ᠂ ᠬᠥᠳᠡᠯᠦᠩᠭᠦᠢ ᠬᠠᠮᠢᠶᠠᠷᠤᠯᠲᠠ ᠶᠢᠨ ᠡᠬᠡ ᠲᠠᠩᠰᠠ ᠪᠠᠶᠢᠭᠤᠯᠤᠨ᠂ ᠲᠠᠷᠠᠭᠠᠴᠢ ᠶᠢᠨ ᠪᠣᠷᠤᠯᠠᠭᠤᠯᠭ᠎ᠠ ᠶᠢᠨ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠡᠭᠦᠨ ᠤ ᠬᠠᠮᠲᠤ᠂ ᠪᠥᠬᠦ ᠬᠤᠰᠢᠭᠤᠨ ᠤ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠳᠠᠯᠳᠤᠭᠠᠴᠢᠳ ᠤᠨ ᠡᠪᠯᠡᠯ ︵ᠨᠡᠶᠢᠭᠡᠮᠯᠢᠭ︶ ᠤᠨ ᠬᠤᠷᠠᠯ ᠤᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠬᠦ ᠶᠢ ᠢᠳᠡᠪᠬᠢᠲᠡᠢ ᠰᠠᠨᠠᠭᠠᠴᠢᠯᠠᠵᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠶᠠᠳᠠᠭᠤ   ᠠᠴᠠ ᠠᠩᠭᠢᠵᠢᠷᠠᠭᠰᠠᠨ ᠡᠷᠦᠬᠡ ᠶᠢ ᠬᠠᠪᠰᠤᠷᠤᠨ ᠣᠷᠣᠯᠭ᠎ᠠ ᠶᠢ ᠨᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ᠂ ᠡᠮᠦᠨᠡᠬᠢ ᠬᠤᠭᠤᠴᠠᠭᠠᠨ ᠤ ᠵᠣᠯᠭᠠᠯᠴᠠᠭ᠎ᠠ ᠪᠠᠷ ᠳᠡᠮᠵᠢᠨ᠂ ᠥᠪᠥᠷ ᠮᠣᠩᠭᠤᠯ ᠤᠨ ᠯᠦ ᠬᠠᠢ ᠴᠢᠩ ᠴᠢᠤᠸᠠᠨ ᠲᠠᠷᠢᠶᠠᠯᠠᠩ ᠮᠠᠯ ᠠᠵᠤ ᠠᠬᠤᠢ ︵ᠪᠦᠯᠦᠭᠯᠡᠯ︶ ᠶᠢᠨ ᠬᠢᠵᠠᠭᠠᠷᠲᠤ ᠺᠣᠮᠫᠠᠨᠢ᠂ ᠪᠠᠷᠠᠭᠤᠨ ᠦᠵᠦᠮᠦᠴᠢᠨ ᠬᠤᠰᠢᠭᠤᠨ ᠤ ᠶᠢᠨ ᠵᠧᠩ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠠᠷᠠᠭᠤᠨ ᠦᠵᠦᠮᠦᠴᠢᠨ ᠬᠤᠰᠢᠭᠤᠨ ᠤ ᠱᠤᠸᠠᠩ ᠶᠦᠩ ᠠᠳᠠᠯ ᠠᠬᠤᠢ ᠶᠢᠨ ᠬᠢᠵᠠᠭᠠᠷᠲᠤ ᠺᠣᠮᠫᠠᠨᠢ ᠺᠢᠯᠣᠭ᠍ᠷᠠᠮ ᠪᠦᠷᠢ ᠳᠡᠭᠡᠨ ᠵᠠᠬ᠎ᠠ ᠳᠡᠯᠭᠡᠭᠦᠷ ᠤᠨ ᠦᠨ᠎ᠡ ᠠᠴᠠ 2 ᠲᠥᠭᠦᠷᠢᠭ ᠤᠨ ᠥᠨᠳᠥᠷ ᠦᠨ᠎ᠡ ᠪᠠᠷ ᠶᠠᠳᠠᠭᠤ  ᠠᠴᠠ ᠠᠩᠭᠢᠵᠢᠷᠠᠭᠰᠠᠨ ᠡᠷᠦᠬᠡ ᠶᠢᠨ ᠮᠠᠯ ᠤᠨᠤᠭ᠎ᠠ ᠶᠢ ᠬᠤᠳᠠᠯᠳᠤᠨ ᠠᠪᠬᠤ ᠪᠠᠷ ᠳᠣᠭᠲᠠᠵᠠᠢ᠃     ︽ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠪᠣᠯ ᠣᠳᠣᠬᠠᠨ ᠤ ᠴᠢᠬᠤᠯᠠ ᠡᠭᠦᠷᠭᠡ ᠶᠢᠨ ᠨᠢᠭᠡ ᠪᠣᠯᠣᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠪᠠᠷᠠᠭᠤᠨ ᠦᠵᠦᠮᠦᠴᠢᠨ ᠬᠤᠰᠢᠭᠤᠨ ᠤ ᠮᠧᠩ ᠱᠠᠩ ᠪᠠᠩᠬᠢ ᠲᠠᠢ ᠢᠳᠡᠪᠬᠢᠲᠡᠢ ᠵᠣᠬᠢᠴᠠᠭᠤᠯᠵᠤ᠂ ᠤᠯᠠᠭᠠᠨᠬᠠᠭᠠᠯᠭ᠎ᠠ ᠰᠣᠮᠣᠨ ᠤ ᠬᠤᠶᠠᠷ ᠡᠷᠦᠭᠡ ᠶᠢᠨ 120 ᠬᠤᠷᠠᠭ᠎ᠠ ᠳᠤ ᠺᠢᠯᠣᠭ᠍ᠷᠠᠮ ᠪᠦᠷᠢ ᠳᠤ 2 ᠲᠥᠭᠦᠷᠢᠭ ᠤᠨ ᠨᠥᠬᠦᠪᠦᠷᠢ ᠥᠭᠴᠦ᠂ ᠶᠠᠳᠠᠭᠤ ᠠᠴᠠ ᠠᠩᠭᠢᠵᠢᠷᠠᠭᠰᠠᠨ ᠡᠷᠦᠭᠡ ᠳᠤ ᠪᠣᠳᠠᠲᠤ ᠴᠢᠨᠠᠷᠲᠠᠢ ᠠᠵᠤ ᠠᠬᠤᠢ ᠶᠢᠨ ᠳᠡᠮᠵᠢᠯᠭᠡ ᠬᠠᠩᠭᠠᠭᠰᠠᠨ ᠢᠶᠠᠷ ᠪᠠᠷᠠᠬᠤ ᠦᠭᠡᠢ ᠬᠥᠳᠡᠭᠡ ᠲᠣᠰᠬᠤᠨ ᠤ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠭᠰᠠᠨ ᠪᠠᠶᠢᠨ᠎ᠠ᠃     ᠮᠠᠯᠴᠢᠨ ᠰᠠᠷᠠᠨᠴᠣᠭᠲᠣ᠄ ︽ᠥᠨᠥᠳᠥᠷ ᠪᠢ ᠥᠪᠡᠷ ᠤᠨ 86 ᠬᠤᠷᠠᠭ᠎ᠠ ᠪᠠᠨ ᠪᠠᠷᠠᠭᠤᠨ ᠦᠵᠦᠮᠦᠴᠢᠨ ᠬᠤᠰᠢᠭᠤᠨ ᠤ ᠵᠢᠦᠢ ᠪᠦᠦ ᠶᠤᠸᠠᠨ ᠮᠢᠬᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠤᠳᠠᠯᠳᠤᠨ ᠥᠭᠴᠡᠢ᠂  ᠮᠧᠩ ᠱᠠᠩ ᠪᠠᠩᠬᠢ ᠵᠢᠩ ᠪᠦᠷᠢ ᠳᠡᠭᠡᠨ 1 ᠲᠥᠭᠦᠷᠢᠭ ᠤᠨ ᠨᠥᠬᠦᠪᠦᠷᠢ ᠥᠭᠴᠡᠢ᠂ ᠡᠨᠡᠬᠦ ︽ᠭᠠᠷᠭᠠᠯᠲᠠ ᠶᠢᠨ ᠨᠥᠬᠦᠪᠦᠷᠢ︾ ᠨᠢ ᠮᠠᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠠᠪᠴᠤ ᠬᠡᠯᠡᠪᠡᠯ ᠲᠤᠶᠢᠯ ᠤᠨ ᠪᠠᠶᠠᠷ ᠲᠠᠢ ᠶᠠᠪᠤᠳᠠᠯ ᠪᠣᠯᠣᠨ᠎ᠠ᠂ ᠳᠠᠷᠤᠭᠠᠰᠤ ᠶᠢ ᠬᠥᠩᠭᠡᠯᠡᠵᠦ᠂ ᠣᠷᠣᠯᠭ᠎ᠠ ᠶᠢ ᠴᠤ ᠨᠡᠮᠡᠭᠳᠡᠭᠦᠯᠵᠡᠢ᠂ ᠲᠤᠶᠢᠯ ᠢᠶᠠᠷ ᠲᠠᠯᠠᠷᠬᠠᠵᠤ ᠪᠠᠶᠢᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号