ᠪᠠᠷᠠᠭᠤᠨ ᠦᠵᠦᠮᠦᠴᠢᠨ ᠬᠤᠰᠢᠭᠤ᠄ ᠰᠠᠭᠤᠭ᠎ᠠ ᠭᠠᠵᠠᠷ ᠤᠨ ᠨᠡᠭᠦᠷᠡᠰᠦᠨ ᠤ ᠠᠵᠤ ᠠᠬᠤᠶᠢᠯᠠᠯ ᠤᠳ ᠲᠣᠭᠲᠠᠭᠤᠨ ᠤ ᠳᠣᠮᠳᠠ ᠤᠷᠤᠭᠰᠢᠯᠠᠨ ᠳᠠᠪᠰᠢᠵᠤ᠂ ᠦᠢᠯᠡᠳᠪᠦᠷᠢᠯᠡᠯ ᠢᠶᠠᠨ ᠠᠬᠢᠭᠤᠯᠤᠨ ᠨᠡᠭᠦᠷᠡᠰᠦᠨ ᠤ ᠠᠮᠤᠷ ᠲᠦᠪᠰᠢᠨ ᠲᠣᠭᠲᠠᠭᠤᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠣᠯᠠᠵᠣ ᠪᠣᠢ
ᠨᠡᠶᠢᠲᠡᠯᠡᠭᠰᠡᠨ ᠴᠠᠭ᠄
2024/10/14
    ᠳᠡᠭᠡᠳᠦ ᠱᠠᠲᠤᠨ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠪᠠᠶᠢᠷᠢᠯᠠᠭᠤᠯᠤᠯᠲᠠ ᠪᠠ ᠤᠯᠤᠰ ᠤᠨ ᠳᠣᠲᠣᠭᠠᠳᠤ ᠶᠢᠨ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ ᠪᠣᠳᠠᠲᠠᠢ ᠪᠠᠶᠢᠳᠠᠯ ᠢ ᠦᠨᠳᠦᠰᠦᠯᠡᠨ᠂ ᠪᠠᠶᠠᠨᠬᠤᠸᠠ ᠮᠧᠩ ᠳ᠋ᠦᠩ ᠨᠡᠭᠦᠷᠡᠰᠦᠨ ᠤ ᠦᠢᠯᠡᠰ ᠤᠨ ᠺᠣᠮᠫᠠᠨᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠤᠨ ᠦᠢᠯᠡᠳᠪᠦᠷᠢᠯᠡᠯ ᠢ ᠠᠬᠢᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠵᠠᠷᠴᠢᠮ ᠶᠣᠰᠣᠭᠠᠷ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠶᠢ ᠣᠳᠣᠬᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠨᠡᠭᠦᠷᠡᠰᠦᠨ  ᠤ ᠠᠮᠤᠷ ᠲᠦᠪᠰᠢᠨ ᠲᠣᠭᠲᠠᠭᠤᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ  ᠪᠠᠲᠣᠯᠠᠵᠣ ᠪᠣᠢ᠃     ᠪᠠᠶᠠᠨᠬᠤᠸᠠ ᠮᠧᠩ ᠳ᠋ᠦᠩ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠲᠣᠭᠲᠠᠭᠰᠠᠨ ᠬᠡᠮᠵᠢᠶ᠎ᠡ ᠲᠠᠢ ᠲᠡᠷᠭᠡᠨ ᠥᠷᠲᠡᠭᠡᠨ ᠳᠤ ᠠᠵᠢᠯᠲᠠᠳ ᠶᠠᠷᠢᠯᠴᠠᠭᠤᠷ ᠮᠠᠰᠢᠨ ᠢᠶᠠᠷ ᠨᠡᠭᠦᠷᠡᠰᠦᠨ ᠤ ᠲᠡᠭᠡᠭᠡᠪᠦᠷᠢ ᠶᠢᠨ ᠠᠵᠢᠯ ᠢ ᠨᠡᠪᠲᠡᠷᠡᠯᠴᠡᠵᠦ ᠶᠠᠭᠠᠷᠠᠯᠲᠠᠢ ᠪᠠᠶᠢᠯ᠎ᠠ᠂ ᠲᠠᠨᠢᠯᠴᠠᠭᠤᠯᠤᠭᠰᠠᠨ ᠢᠶᠠᠷ᠂ 9 ᠰᠠᠷ᠎ᠠ ᠠᠴᠠ ᠨᠠᠰᠢ ᠴᠠᠭ ᠪᠣᠯ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠲᠦᠷᠭᠡᠨ ᠬᠤᠷᠳᠤᠴᠠ ᠪᠠᠷ ᠲᠣᠭᠲᠠᠭᠰᠠᠨ ᠬᠡᠮᠵᠢᠶ᠎ᠡ ᠲᠠᠢ ᠠᠴᠢᠶᠠᠯᠠᠬᠤ ᠥᠷᠲᠡᠭᠡ ᠪᠣᠯ ᠨᠡᠭᠦᠷᠡᠰᠦ ᠠᠴᠢᠶᠠᠯᠠᠬᠤ ᠪᠠ ᠭᠠᠳᠠᠭᠰᠢ ᠲᠡᠭᠡᠭᠡᠪᠦᠷᠢᠯᠡᠬᠦ ᠵᠠᠩᠭᠢᠯᠠᠭ᠎ᠠ ᠶᠢᠨ ᠬᠡᠰᠡᠭ ᠪᠠᠶᠢᠵᠤ ᠂ ᠺᠣᠮᠫᠠᠨᠢ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠵᠦ᠂ ᠰᠠᠭᠠᠳ ᠲᠣᠳᠬᠠᠷ ᠤᠨ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ  ᠪᠠᠭᠠᠰᠬᠠᠵᠤ᠂ ᠣᠳᠣᠬᠠᠨ ᠳᠤ᠂ ᠡᠳᠦᠷ ᠪᠦᠷᠢ ᡂᠢ ᠳ᠋ᠠ ᠪᠠᠢ ᠲᠡᠮᠦᠷ ᠵᠠᠮ ᠤᠨ ᠨᠡᠭᠦᠷᠡᠰᠦ ᠵᠥᠭᠡᠭᠡᠪᠦᠷᠢᠯᠡᠬᠦ ᠭᠠᠯᠲᠤ ᠲᠡᠷᠭᠡ ᠪᠠᠷᠤᠭ 15 ᠴᠤᠪᠤᠭ᠎ᠠ 5 ᠲᠦᠮᠡᠨ ᠲᠣᠨ ᠬᠦᠷᠴᠦ ᠪᠠᠶᠢᠨ᠎ᠠ᠃      ᠪᠠᠶᠠᠨᠬᠤᠸᠠ ᠮᠧᠩ ᠳ᠋ᠦᠩ ᠨᠡᠭᠦᠷᠡᠰᠦᠨ ᠤ ᠦᠢᠯᠡᠰ ᠤᠨ ᠺᠣᠮᠫᠠᠨᠢ ᠨᠢ ᠮᠠᠨ ᠤ ᠤᠯᠤᠰ ᠤᠨ ᠡᠨᠧᠷᠭᠢ ᠶᠢ ᠭᠤᠣᠯᠳᠠᠯᠭ᠎ᠠ ᠲᠠᠢ ᠬᠥᠭᠵᠢᠭᠦᠯᠬᠦ ᠭᠠᠵᠠᠷ ᠣᠷᠣᠨ ᠤ 13 ᠲᠣᠮᠣ ᠬᠡᠯᠪᠡᠷᠢ ᠶᠢᠨ ᠨᠡᠭᠦᠷᠡᠰᠦᠨ ᠤ ᠰᠠᠭᠤᠷᠢᠨ ᠭᠠᠵᠠᠷ ᠤᠨ ᠨᠢᠭᠡ ᠪᠣᠯᠬᠤ ᠮᠧᠩ ᠳ᠋ᠦᠩ ᠰᠠᠭᠤᠷᠢᠨ ᠭᠠᠵᠠᠷ ᠲᠤ ᠬᠠᠷᠢᠶᠠᠯᠠᠭᠳᠠᠵᠤ᠂ ᠵᠢᠯ ᠤᠨ ᠭᠠᠷᠤᠯᠲᠠ ᠨᠢ 2000 ᠲᠦᠮᠡᠨ ᠲᠣᠨ ᠳᠤ ᠬᠦᠷᠴᠦ᠂ ᠪᠥᠬᠦ ᠠᠶᠢᠮᠠᠭ ᠤᠨ ᠭᠤᠣᠯᠳᠠᠯᠭ᠎ᠠ ᠲᠠᠢ ᠨᠡᠭᠦᠷᠡᠰᠦᠨ ᠤ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠤᠯᠠᠭᠠᠨᠬᠠᠳᠠ ᠬᠤᠲᠠ᠂ ᠲᠦᠩᠯᠢᠶᠣᠣ ᠬᠤᠲᠠ ᠵᠡᠷᠭᠡ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠪᠣᠯᠣᠨ ᠯᠢᠶᠣᠤᠨᠢᠩ ᠮᠤᠵᠢ᠂ ᠭᠢᠷᠢᠨ ᠮᠤᠵᠢ ᠵᠡᠷᠭᠡ ᠵᠡᠭᠦᠨ ᠬᠤᠶᠢᠲᠤ ᠣᠷᠣᠨ ᠤ ᠴᠠᠬᠢᠯᠭᠠᠨ ᠬᠦᠴᠦᠨ ᠤ ᠠᠵᠤ ᠠᠬᠤᠶᠢᠯᠠᠯ᠂ ᠢᠯᠴᠢ ᠬᠠᠩᠭᠠᠬᠤ ᠠᠵᠤ ᠠᠬᠤᠶᠢᠯᠠᠯ ᠤᠨ ᠨᠡᠭᠦᠷᠡᠰᠦᠨ ᠤ ᠰᠢᠲᠠᠭᠠᠯᠭ᠎ᠠ ᠶᠢᠨ ᠬᠠᠩᠭᠠᠯᠭ᠎ᠠ ᠶᠢᠨ ᠡᠭᠦᠷᠭᠡ ᠵᠢᠴᠢ ᠣᠯᠠᠨ ᠭᠠᠵᠠᠷ ᠣᠷᠣᠨ ᠤ ᠬᠡᠷᠡᠭᠯᠡᠭᠴᠢᠳ ᠤᠨ ᠴᠠᠬᠢᠯᠭᠠᠨ ᠬᠡᠷᠡᠭᠯᠡᠬᠦ ᠵᠢᠴᠢ ᠢᠯᠴᠢ ᠬᠠᠩᠭᠠᠬᠤ ᠬᠡᠷᠡᠭᠴᠡᠭᠡ ᠶᠢ ᠡᠭᠦᠷᠭᠡᠯᠡᠵᠦ ᠪᠣᠶ︔ ᠤᠯᠤᠰ ᠤᠨ ᠳᠣᠲᠣᠭᠠᠳᠤ ᠶᠢᠨ ᠨᠡᠭᠦᠷᠡᠰᠦᠨ ᠤ ᠬᠠᠩᠭᠠᠯᠭ᠎ᠠ ᠶᠢᠨ ᠪᠣᠳᠠᠲᠠᠢ ᠪᠠᠶᠢᠳᠠᠯ ᠢ ᠦᠨᠳᠦᠰᠦᠯᠡᠨ᠂ ᠲᠣᠰ ᠺᠣᠮᠫᠠᠨᠢ ᠲᠡᠷᠡ ᠳᠠᠷᠤᠢ ᠳᠤᠨᠢ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠲᠤᠰᠬᠠᠢ ᠤᠳᠤᠷᠢᠳᠬᠤ ᠳᠤᠭᠤᠶᠢᠯᠠᠩ ᠪᠠᠶᠢᠭᠤᠯᠵᠤ᠂ ᠬᠠᠩᠭᠠᠯᠭ᠎ᠠ ᠶᠢ ᠪᠠᠲᠤᠯᠠᠬᠤ ᠳᠠᠷᠤᠯᠲᠠ ᠶᠢ ᠨᠢᠭᠡᠳᠦᠭᠡᠷ ᠹᠷᠣᠨᠲ ᠤᠨ ᠦᠢᠯᠡᠳᠪᠦᠷᠢᠯᠡᠯ ᠤᠨ ᠰᠠᠯᠠᠭ᠎ᠠ ᠮᠥᠴᠢᠷ ᠲᠤ ᠱᠠᠲᠤ ᠱᠠᠲᠤ ᠪᠠᠷ ᠳᠠᠮᠵᠢᠭᠤᠯᠵᠤ᠂ ᠬᠠᠷᠢᠭᠤᠴᠠᠯᠭ᠎ᠠ ᠶᠢ ᠬᠥᠮᠥᠨ ᠳᠤᠨᠢ ᠨᠠᠶᠢᠳᠠᠪᠣᠷᠢᠵᠢᠭᠤᠯᠵᠣ᠂ ᠣᠳᠣᠬᠠᠨ ᠤ ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠨᠡ ᠡᠪᠦᠯ ᠢᠷᠡᠬᠦ ᠬᠠᠪᠤᠷ ᠤᠨ ᠬᠠᠩᠭᠠᠯᠭ᠎ᠠ ᠶᠢ ᠪᠠᠲᠤᠯᠠᠬᠤ ᠲᠥᠰᠥᠯ ᠢ ᠬᠢᠨᠠᠮᠠᠭᠠᠢ ᠨᠠᠶᠢᠷᠠᠭᠤᠯᠤᠨ ᠵᠣᠬᠢᠶᠠᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠨᠡᠭᠦᠷᠡᠰᠦ ᠮᠠᠯᠲᠠᠬᠤ᠂ ᠬᠥᠮᠥᠷᠭᠡᠯᠡᠨ ᠬᠠᠳᠠᠭᠠᠯᠠᠬᠤ ᠪᠠ ᠦᠢᠯᠡᠳᠪᠦᠷᠢᠯᠡᠯ ᠢ ᠵᠣᠬᠢᠶᠠᠨ ᠪᠠᠶᠢᠭᠤᠯᠬᠤ ᠠᠵᠢᠯ ᠢ ᠨᠢᠭᠡᠳᠦᠯᠲᠡᠢ ᠲᠥᠯᠥᠪᠯᠡᠵᠦ ᠰᠠᠶᠢᠲᠤᠷ  ᠬᠢᠵᠤ ᠪᠤᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号