ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ 92 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/16
    10 ᠰᠠᠷ᠎ᠠ ᠶᠢᠨ 12 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 92 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ 9 ᠰᠠᠷ᠎ᠠ ᠶᠢᠨ 26 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠱᠠᠭᠠᠷᠳᠠᠭᠰᠠᠨ ᠨᠢ᠂ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠤᠯᠠᠮ ᠨᠢᠭᠡ ᠠᠯᠬᠤᠮ ᠨᠢᠭᠡᠳᠬᠡᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠭᠦᠨᠵᠡᠭᠡᠢ ᠰᠤᠳᠤᠯᠤᠨ᠂ ᠠᠵᠢᠯ ᠤᠨ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠲᠦᠷᠦ  ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃     ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠳᠠᠶᠢᠯᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠬᠤᠶᠠᠷ ᠶᠡᠭᠡ ᠶᠠᠪᠤᠳᠠᠯ ᠢ ᠰᠠᠶᠢᠲᠤᠷ ᠪᠦᠲᠦᠭᠡᠬᠦ ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠪᠠᠷᠠᠭᠤᠨ ᠦᠵᠦᠮᠦᠴᠢᠨ ᠤ ᠬᠦᠴᠦᠨ ᠴᠢᠳᠠᠯ ᠢ ᠡᠷᠭᠦᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ  ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ᠂ ᠪᠥᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠢᠳᠡᠪᠬᠢᠲᠡᠢ ᠳᠡᠮᠵᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠡᠷᠮᠢᠴᠡ ᠳᠠᠪᠠᠭᠤᠯᠢᠭ ᠢ ᠪᠠᠳᠠᠷᠠᠭᠤᠯᠤᠨ᠂ ᠪᠠᠷᠠᠭᠤᠨ ᠦᠵᠦᠮᠦᠴᠢᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠢ ᠨᠡᠮᠡᠷᠢᠯᠡᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ  ᠶᠢᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠯᠭᠡ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠳᠡᠪᠬᠢᠲᠡᠢ ᠲᠡᠮᠵᠢᠵᠤ᠂ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠳᠦᠷᠢᠮ ᠢ ᠰᠠᠶᠢᠲᠤᠷ ᠪᠠᠷᠢᠮᠲᠠᠯᠠᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠢ ᠰᠠᠶᠢᠲᠤᠷ ᠬᠥᠭᠵᠢᠭᠦᠯᠬᠦ ᠬᠡᠷᠡᠭᠲᠡᠢ ᠭᠡᠵᠡᠢ᠃     ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠨ ᠪᠠᠶᠢᠭᠤᠯᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ  ᠃ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠤᠨ᠂ ᠦᠨᠳᠦᠰᠦᠲᠡᠨ ᠤ ᠶᠠᠪᠤᠳᠠᠯ ᠤᠨ ᠵᠠᠰᠠᠯᠲᠠ ᠶᠢᠨ ᠴᠢᠳᠠᠪᠤᠷᠢ ᠪᠠ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ᠃ ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠳᠣᠯᠣᠳᠠᠭᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠬᠦᠷᠴᠦ ᠢᠷᠡᠬᠦ ᠲᠠᠰᠢᠷᠠᠮ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠰᠠᠶᠢᠲᠤᠷ ᠬᠡᠷᠡᠭᠯᠡᠵᠦ᠂ ᠲᠥᠪ  ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠣᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠭᠠᠨᠰᠤ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠦᠨ᠂ ᠴᠢᠨᠠᠷ ᠰᠠᠶᠢᠲᠠᠢ ᠬᠥᠭᠵᠢᠯᠲᠡ ᠳᠤ ᠥᠨᠳᠥᠷ ᠳᠦᠪᠰᠢᠨ ᠪᠦᠬᠦᠢ ᠬᠠᠮᠠᠭᠠᠯᠠᠯᠲᠠ ᠪᠠ ᠲᠤᠯᠭᠠᠭᠤᠷᠢᠯᠠᠯ ᠬᠠᠩᠭᠠᠵᠤ᠂ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ  ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠮᠢᠳᠤᠷᠠᠯ ᠳᠤ ᠠᠭᠤᠰᠤᠯᠴᠠᠭᠤᠯᠬᠤ᠂ ᠪᠠᠶᠢᠩᠭᠤ ᠠᠳᠬᠤᠬᠤ ᠶᠢ ᠠᠬᠢᠭᠤᠯᠬᠤ ᠤᠬᠠᠮᠰᠠᠷ ᠢ ᠦᠨᠡᠨᠬᠦ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠭᠠᠳᠬᠠᠵᠤ ᠢᠯᠵᠢᠷᠡᠯ ᠢ ᠡᠰᠡᠷᠭᠦᠴᠡᠬᠦ ᠶᠢ ᠠᠬᠢᠭᠤᠯᠤᠨ᠂ ᠴᠢᠩᠭ᠎ᠠ ᠬᠠᠮᠢᠶᠠᠷᠴᠤ ᠰᠠᠶᠢᠲᠤᠷ ᠬᠠᠯᠠᠮᠵᠢᠯᠠᠬᠤ ᠪᠠᠷ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃    ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号