ᠴᠣᠣᠶᠠᠩ ᠨᠢᠰᠦᠯᠲᠡ ᠶᠢᠨ ᠳᠡᠭᠡᠳᠦ ᠰᠤᠷᠭᠠᠭᠤᠯᠢ ᠶᠢᠨ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠢᠰᠬᠡᠯ ᠤᠨ ᠪᠠᠭᠤᠳᠠᠯ  ᠳᠠᠬᠢ ᠨᠢᠰᠦᠯᠲᠡ ᠶᠢᠨ ᠪᠣᠯᠪᠠᠰᠤᠷᠠᠯ ᠡᠬᠢᠯᠡᠪᠡ
ᠨᠡᠶᠢᠲᠡᠯᠡᠭᠰᠡᠨ ᠴᠠᠭ᠄
2024/10/16
    10 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠭᠡ ᠰᠤᠷᠭᠠᠭᠤᠯᠢ ᠶᠢᠨ ᠴᠣᠣᠶᠠᠩ ᠨᠢᠰᠦᠯᠲᠡ ᠶᠢᠨ ᠳᠡᠭᠡᠳᠦ ᠰᠤᠷᠭᠠᠭᠤᠯᠢ ᠪᠠᠷᠠᠭᠤᠨ ᠦᠵᠦᠮᠦᠴᠢᠨ ᠬᠤᠰᠢᠭᠤᠨ ᠤ  ᠪᠠᠯᠭᠠᠷ ᠨᠢᠰᠬᠡᠯ ᠤᠨ ᠪᠠᠭᠤᠳᠠᠯ ᠳᠠᠬᠢ ᠨᠢᠰᠦᠯᠲᠡ ᠶᠢᠨ ᠪᠣᠯᠪᠠᠰᠤᠷᠠᠯ ᠢᠶᠠᠨ ᠡᠬᠢᠯᠡᠭᠦᠯᠪᠡ  ᠃
    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠬᠠᠢ ᠱᠠᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᡁᠢ ᠴᠢᠶᠠᠩ᠂ ᠪᠠᠷᠠᠭᠤᠨ ᠦᠵᠦᠮᠦᠴᠢᠨ ᠬᠤᠰᠢᠭᠤᠨ ᠤ ᠨᠢᠰᠬᠡᠯ ᠤᠨ ᠪᠠᠭᠤᠳᠠᠯ ᠤᠨ ᠵᠢᠯᠤᠭᠤᠳᠬᠤ ᠬᠡᠯᠲᠡᠰ ᠤᠨ ᠠᠯᠪᠠᠨ ᠭᠡᠷ ᠤᠨ ᠡᠷᠬᠢᠯᠡᠭᠴᠢ ᠼᠦᠢ ᠹᠦ᠋ ᠴᠢᠶᠠᠩ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠭᠡ ᠰᠤᠷᠭᠠᠭᠤᠯᠢ ᠶᠢᠨ ᠨᠢᠰᠦᠯᠲᠡ  ᠶᠢᠨ ᠬᠤᠪᠢᠶᠠᠷᠢ ᠰᠤᠷᠭᠠᠭᠤᠯᠢ ᠶᠢᠨ ᠠᠵᠢᠯᠯᠠᠭᠠᠨ ᠤ ᠶᠡᠷᠦᠩᠬᠡᠢ ᠪᠠᠶᠢᠴᠠᠭᠠᠭᠴᠢ ᠭᠤᠸ ᠰᠢᠦᠢ ᠯᠢ᠂ ᠴᠣᠣᠶᠠᠩ ᠨᠢᠰᠦᠯᠲᠡ ᠶᠢᠨ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ᠂ ᠵᠢᠫᠰᠧᠨ ᠣᠯᠠᠨ ᠤᠯᠤᠰ ᠤᠨ ᠨᠢᠰᠦᠯᠲᠡ ᠶᠢᠨ ᠳᠡᠭᠡᠳᠦ ᠰᠤᠷᠭᠠᠭᠤᠯᠢ ᠶᠢᠨ ᠬᠠᠮᠢᠶᠠᠲᠠᠢ ᠬᠠᠷᠢᠭᠤᠴᠠᠯᠭᠠᠲᠠᠨ᠂ ᠪᠠᠷᠠᠭᠤᠨ ᠦᠵᠦᠮᠦᠴᠢᠨ ᠬᠤᠰᠢᠭᠤᠨ ᠤ ᠨᠢᠰᠬᠡᠯ ᠤᠨ ᠪᠠᠭᠤᠳᠠᠯ ᠤᠨ ᠺᠣᠮᠫᠠᠨᠢ ᠶᠢᠨ ᠬᠠᠷᠢᠭᠤᠴᠠᠯᠭᠠᠲᠠᠨ ᠵᠢᠴᠢ ᠠᠵᠢᠯᠲᠠᠳ ᠤᠭᠳᠤᠯᠭ᠎ᠠ ᠶᠢᠨ  ᠶᠣᠰᠣᠯᠠᠯ ᠳᠤ ᠣᠷᠣᠯᠴᠠᠵᠠᠢ᠃
    ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠭᠡ ᠰᠤᠷᠭᠠᠭᠤᠯᠢ ᠶᠢᠨ ᠴᠣᠣᠶᠠᠩ ᠨᠢᠰᠦᠯᠲᠡ ᠶᠢᠨ ᠳᠡᠭᠡᠳᠦ ᠰᠤᠷᠭᠠᠭᠤᠯᠢ ᠶᠢᠨ C90 ᠪᠣᠯᠣᠨ DA42 ᠪᠣᠯᠪᠠᠰᠤᠷᠠᠯ ᠤᠨ ᠨᠢᠰᠬᠡᠯ ᠪᠠᠯᠭᠠᠷ ᠨᠢᠰᠬᠡᠯ ᠤᠨ ᠲᠠᠯᠠᠪᠤᠷ ᠤᠨ ᠭᠦᠶᠦᠯᠲᠡ ᠶᠢᠨ ᠵᠠᠮ ᠳᠤ ᠠᠯᠭᠤᠷ ᠢᠶᠠᠷ ᠭᠠᠷᠴᠤ᠂ ᠴᠣᠣᠶᠠᠩ ᠨᠢᠰᠦᠯᠲᠡ ᠶᠢᠨ ᠳᠡᠭᠡᠳᠦ ᠰᠤᠷᠭᠠᠭᠤᠯᠢ ᠪᠠᠯᠭᠠᠷ ᠨᠢᠰᠬᠡᠯ ᠤᠨ ᠪᠠᠭᠤᠳᠠᠯ ᠳᠤ ᠲᠠᠯᠠᠪᠤᠷ ᠰᠢᠯᠵᠢᠨ ᠪᠤᠯᠪᠠᠰᠣᠷᠠᠬᠤ ᠡᠭᠦᠷᠭᠡ ᠪᠠᠨ ᠡᠬᠢᠯᠡᠭᠦᠯᠪᠡ᠃
    ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠭᠡ ᠰᠤᠷᠭᠠᠭᠤᠯᠢ ᠶᠢᠨ ᠴᠣᠣᠶᠠᠩ ᠨᠢᠰᠦᠯᠲᠡ ᠶᠢᠨ ᠳᠡᠭᠡᠳᠦ ᠰᠤᠷᠭᠠᠭᠤᠯᠢ ᠪᠣᠯ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠠᠴᠠ ᠵᠥᠪᠰᠢᠶᠡᠷᠡᠭᠰᠡᠨ CCAR-141 ᠨᠢᠰᠦᠯᠲᠡ ᠶᠢᠨ ᠵᠢᠯᠣᠭᠤᠴᠢ ᠶᠢᠨ ᠪᠣᠯᠪᠠᠰᠤᠷᠠᠯ ᠤᠨ ᠰᠤᠷᠭᠠᠭᠤᠯᠢ ᠪᠠᠶᠢᠵᠤ᠂ ᠣᠯᠠᠨ ᠵᠢᠯ ᠤᠨ ᠲᠤᠷᠰᠢ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠳᠤ ᠮᠠᠰᠢ ᠣᠯᠠᠨ ᠨᠢᠰᠦᠯᠲᠡ ᠶᠢᠨ ᠴᠢᠳᠠᠪᠤᠷᠢᠲᠠᠨ ᠢ  ᠬᠦᠮᠦᠵᠢᠭᠦᠯᠵᠡᠢ᠃ ᠲᠣᠰ ᠤᠳᠠᠭᠠᠨ ᠤ ᠨᠢᠰᠦᠯᠲᠡ ᠶᠢᠨ ᠪᠣᠯᠪᠠᠰᠤᠷᠠᠯ ᠨᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠡᠬᠢᠯᠡᠯᠲᠡ ᠪᠣᠯᠬᠤ ᠪᠠᠷ ᠪᠠᠷᠠᠬᠤ ᠦᠭᠡᠢ᠂ ᠨᠠᠩ ᠴᠤ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠢᠰᠬᠡᠯ ᠤᠨ ᠪᠠᠭᠤᠳᠠᠯ ᠤᠨ ᠣᠷᠣᠨ ᠨᠤᠲᠤᠭ ᠤᠨ ᠠᠶᠠᠯᠠᠯ ᠨᠡᠪᠲᠡᠷᠡᠬᠦ ᠠᠵᠤ ᠦᠢᠯᠡᠰ ᠤᠨ ᠬᠥᠭᠵᠢᠯᠲᠡ ᠶᠢᠨ ᠵᠠᠮ ᠳᠡᠭᠡᠷᠡᠬᠢ ᠯᠠᠪᠳᠠᠭᠤᠨ ᠪᠠᠲᠤᠲᠠᠢ ᠨᠢᠭᠡ ᠠᠯᠬᠤᠮ ᠪᠣᠯᠬᠤ ᠶᠤᠮ᠃     ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠢᠰᠬᠡᠯ ᠤᠨ ᠪᠠᠭᠤᠳᠠᠯ ᠪᠣᠯ A1 ᠲᠥᠷᠥᠯ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠᠶᠢᠵᠤ᠂ ᠨᠢᠰᠦᠯᠲᠡ ᠶᠢᠨ ᠲᠣᠭᠤᠷᠢᠭ ᠨᠢ 2B ᠲᠠᠰ᠂ 1 ᠭᠦᠶᠦᠯᠲᠡ ᠶᠢᠨ ᠵᠠᠮ᠂ 9 ᠲᠡᠭᠰᠢ ᠭᠠᠵᠠᠷ ᠤᠨ ᠨᠢᠰᠬᠡᠯ ᠤᠨ ᠵᠤᠭᠰᠣᠭᠠᠯ ᠲᠠᠢ ᠪᠥᠭᠡᠳ ᠠᠭᠠᠷ ᠤᠨ ᠠᠶᠠᠯᠠᠯ ᠤᠨ ᠥᠷᠲᠡᠭᠡᠨ ᠤ ᠠᠰᠠᠷ ᠂ ᠶᠡᠷᠦᠩᠬᠡᠶᠢᠯᠡᠭᠰᠡᠨ ᠠᠰᠠᠷ᠂ ᠲᠡᠷᠭᠡ ᠬᠥᠰᠬᠡ ᠲᠦᠷᠢᠶᠡᠰᠦᠯᠡᠬᠦ ᠲᠥᠪ ᠵᠡᠷᠭᠡ ᠦᠢᠯᠡᠳᠪᠦᠷᠢᠯᠡᠯ ᠤᠨ ᠲᠤᠰᠠᠯᠠᠬᠤ ᠲᠥᠬᠦᠭᠡᠷᠦᠮᠵᠢ ᠲᠠᠢ᠃ ᠪᠠᠷᠠᠭᠤᠨ ᠦᠵᠦᠮᠦᠴᠢᠨ ᠬᠤᠰᠢᠭᠤᠨ ᠤ ᠨᠢᠰᠬᠡᠯ ᠤᠨ ᠪᠠᠭᠤᠳᠠᠯ ᠤᠨ ᠺᠣᠮᠫᠠᠨᠢ ᠶᠢᠨ ᠳᠡᠳ᠋  ᠵᠠᠬᠢᠷᠣᠯ ᠰᠢᠦᠢ ᠸᠧᠢ ᠲᠠᠨᠢᠯᠴᠠᠭᠤᠯᠬᠤ ᠳᠠᠭᠠᠨ᠄ ︽ᠨᠢᠰᠬᠡᠯ ᠤᠨ ᠪᠠᠭᠤᠳᠠᠯ ᠨᠢ ᠣᠳᠤ ᠨᠢᠭᠡᠨᠲᠡ ᠪᠥᠬᠦ ᠲᠠᠯ᠎ᠠ ᠪᠠᠷ ᠡᠵᠡᠩᠨᠡᠬᠦ ᠨᠥᠬᠦᠴᠡᠯ ᠢ ᠪᠦᠷᠢᠯᠳᠦᠭᠦᠯᠵᠦ᠂ ᠵᠢᠯ ᠤᠨ ᠡᠴᠦᠰ ᠲᠤ ᠵᠢᠩᠬᠢᠨᠢ ᠪᠠᠷ ᠠᠶᠠᠯᠠᠯ ᠨᠡᠪᠲᠡᠷᠡᠬᠦ ᠪᠠᠷ ᠲᠥᠯᠥᠪᠯᠡᠵᠦ ᠪᠣᠶ︾ ᠭᠡᠪᠡ᠃    ᠣᠶᠢᠯᠠᠭᠠᠭᠰᠠᠨ ᠢᠶᠠᠷ᠂ ᠴᠣᠣᠶᠠᠩ ᠨᠢᠰᠦᠯᠲᠡ ᠶᠢᠨ ᠳᠡᠭᠡᠳᠦ ᠰᠤᠷᠭᠠᠭᠤᠯᠢ ᠵᠢᠯ ᠪᠦᠷᠢ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠢᠰᠬᠡᠯ ᠤᠨ ᠪᠠᠭᠤᠳᠠᠯ ᠳᠤ ᠪᠠᠷᠤᠭ 1000 ᠤᠳᠠᠭᠠᠨ ᠤ ᠨᠢᠰᠦᠯᠲᠡ ᠶᠢᠨ ᠪᠣᠯᠪᠠᠰᠤᠷᠠᠯ ᠤᠨ ᠡᠭᠦᠷᠭᠡ ᠶᠢ ᠪᠡᠶᠡᠯᠡᠭᠦᠯᠬᠦ ᠪᠠᠷ ᠵᠢᠱᠢᠵᠦ᠂ ᠡᠨᠡ ᠨᠢ ᠣᠷᠣᠨ ᠨᠤᠲᠤᠭ ᠤᠨ ᠠᠶᠠᠯᠠᠯ ᠨᠡᠪᠲᠡᠷᠡᠬᠦ ᠠᠵᠤ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠣᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠢᠰᠬᠡᠯ ᠤᠨ ᠪᠠᠭᠤᠳᠠᠯ ᠨᠢ ᠴᠣᠣᠶᠠᠩ ᠨᠢᠰᠦᠯᠲᠡ ᠶᠢᠨ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠶᠠᠯᠠᠯ ᠨᠡᠪᠲᠡᠷᠡᠬᠦ ᠪᠠᠲᠤᠯᠠᠭ᠎ᠠ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠩ ᠰᠢᠯᠢᠳᠡᠭ ᠦᠢᠯᠡᠴᠢᠯᠡᠭᠡ ᠬᠠᠩᠭᠠᠬᠤ ᠶᠢᠨ ᠬᠠᠮᠲᠤ᠂  ᠡᠭᠦᠨ ᠢᠶᠠᠷ ᠲᠣᠬᠢᠶᠠᠯ ᠪᠣᠯᠭᠠᠵᠤ᠂ ᠨᠠᠩ ᠣᠯᠠᠨ ᠴᠢᠨᠠᠷ ᠰᠠᠶᠢᠲᠠᠢ ᠲᠤᠬᠠᠶᠢᠯᠠᠭᠰᠠᠨ ᠠᠵᠢᠯ ᠢ ᠢᠳᠡᠪᠬᠢᠲᠡᠢ ᠪᠠᠷ ᠣᠷᠢᠨ ᠣᠷᠣᠭᠤᠯᠵᠤ᠂ ᠣᠷᠣᠨ ᠨᠤᠲᠤᠭ ᠤᠨ ᠠᠶᠠᠯᠠᠯ ᠨᠡᠪᠲᠡᠷᠡᠬᠦ ᠠᠵᠤ ᠦᠢᠯᠡᠰ ᠤᠨ ᠥᠷᠨᠢᠩᠭᠦᠢ ᠬᠥᠭᠵᠢᠯᠲᠡ ᠶᠢ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠦᠢᠯᠡᠰ ᠲᠤ ᠨᠠᠩ ᠣᠯᠠᠨ ᠰᠢᠯᠢᠳᠡᠭ ᠨᠢᠰᠦᠯᠲᠡ  ᠶᠢᠨ ᠴᠢᠳᠠᠪᠤᠷᠢᠲᠠᠨ ᠢ ᠬᠥᠮᠥᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃
    ᠪᠠᠷᠠᠭᠤᠨ ᠦᠵᠦᠮᠦᠴᠢᠨ ᠬᠤᠰᠢᠭᠤᠨ ᠤ ᠨᠢᠰᠬᠡᠯ ᠤᠨ ᠪᠠᠭᠤᠳᠠᠯ ᠤᠨ ᠺᠣᠮᠫᠠᠨᠢ ᠶᠢᠨ ᠳᠡᠳ᠋ ᠵᠠᠬᠢᠷᠣᠯ ᠰᠢᠣᠢ ᠸᠧᠢ᠄ ︽ᠥᠨᠥᠳᠥᠷ᠂ ᠴᠣᠣᠶᠠᠩ ᠨᠢᠰᠦᠯᠲᠡ ᠶᠢᠨ ᠳᠡᠭᠡᠳᠦ ᠰᠤᠷᠭᠠᠭᠤᠯᠢ ᠶᠢᠨ ᠪᠣᠯᠪᠠᠰᠤᠷᠠᠯ ᠤᠨ ᠬᠤᠶᠠᠷ ᠨᠢᠰᠬᠡᠯ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠢᠰᠬᠡᠯ ᠤᠨ ᠪᠠᠭᠤᠳᠠᠯ ᠳᠤ ᠪᠠᠭᠤᠵᠤ᠂ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠭᠰᠡᠨ ᠪᠠᠶᠢᠨ᠎ᠠ᠃ ᠡᠭᠦᠨ ᠠᠴᠠ ᠡᠮᠦᠨ᠎ᠡ᠂ ᠪᠠᠷᠠᠭᠤᠨ ᠦᠵᠦᠮᠦᠴᠢᠨ ᠬᠤᠰᠢᠭᠤᠨ ᠤ ᠨᠢᠰᠬᠡᠯ  ᠤᠨ ᠪᠠᠭᠤᠳᠠᠯ ᠨᠢ ᠬᠠᠮᠲᠤᠷᠠᠯᠴᠠᠭ᠎ᠠ ᠶᠢ ᠢᠳᠡᠪᠬᠢᠲᠡᠢ ᠰᠥᠪᠡᠭᠴᠢᠯᠡᠵᠦ᠂ ᠬᠤᠶᠠᠷ ᠲᠠᠯ᠎ᠠ ᠪᠠᠷ ᠢᠶᠠᠨ ᠣᠯᠠᠨ ᠤᠳᠠᠭ᠎ᠠ ᠰᠤᠳᠤᠯᠤᠨ ᠶᠠᠷᠢᠯᠴᠠᠵᠤ ᠬᠠᠮᠲᠤᠷᠠᠯᠴᠠᠭᠠᠨ ᠤ ᠬᠡᠯᠡᠯᠴᠡᠭᠡᠷ ᠲᠤᠬᠲᠠᠵᠠᠢ᠃ ᠲᠣᠰ ᠤᠳᠠᠭᠠᠨ ᠤ ᠬᠠᠮᠲᠤᠷᠠᠯᠴᠠᠭ᠎ᠠ ᠨᠢ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠢᠰᠬᠡᠯ ᠤᠨ ᠪᠠᠭᠤᠳᠠᠯ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠢᠯᠡᠳᠲᠡ ᠳᠡᠭᠡᠭᠰᠢᠯᠡᠭᠦᠯᠬᠦ ᠪᠠᠷ ᠪᠠᠷᠠᠬᠤ ᠦᠭᠡᠢ ᠪᠠᠰᠠ ᠴᠣᠣᠶᠠᠩ ᠨᠢᠰᠦᠯᠲᠡ ᠶᠢᠨ ᠳᠡᠭᠡᠳᠦ ᠰᠤᠷᠭᠠᠭᠤᠯᠢ ᠶᠢᠨ ᠨᠢᠰᠬᠡᠭᠴᠢ ᠶᠢ ᠬᠥᠮᠥᠵᠢᠭᠦᠯᠬᠦ ᠠᠵᠢᠯ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠪᠣᠯᠣᠨ᠎ᠠ᠃ ᠬᠤᠶᠠᠷ ᠲᠠᠯ᠎ᠠ ᠪᠠᠷ ᠢᠶᠠᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠪᠠᠷ ᠳᠠᠮᠵᠢᠨ ᠪᠠᠷᠠᠭᠤᠨ ᠦᠵᠦᠮᠦᠴᠢᠨ ᠬᠤᠰᠢᠭᠤᠨ ᠤ ᠳᠣᠣᠷ᠎ᠠ ᠣᠭᠲᠠᠷᠭᠤᠢ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠵᠤ᠂ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ  ︾  ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号