ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ‌ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷᠠᠭᠤᠨ ᠦᠵᠦᠮᠦᠴᠢᠨ‌ᠬᠤᠰᠢᠭᠤᠨ ᠤ ᠠᠩᠬᠠᠳᠠᠭᠴᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ 24 ᠴᠠᠭ ᠤᠨ ᠭᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ  ᠶᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ
ᠨᠡᠶᠢᠲᠡᠯᠡᠭᠰᠡᠨ ᠴᠠᠭ᠄
2024/10/16
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠣᠷᠢᠵᠢᠭᠤᠯᠵᠣ᠂ ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠨᠡᠩ ᠰᠠᠶᠢᠲᠤᠷ ᠭᠦᠨᠵᠡᠭᠡᠶᠢᠷᠡᠭᠦᠯᠦᠨ ᠪᠤᠳᠠᠲᠠᠶᠢᠵᠢᠭᠤᠯᠬᠤ  ᠶᠢᠨ ᠲᠣᠯᠠᠳᠠ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠨᠢ ᠪᠠᠶᠠᠨᠬᠤᠸᠠ ᠮᠧᠩ ᠳ᠋ᠦᠩ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠠᠵᠢᠯᠴᠢᠨ ᠤ ᠡᠪᠯᠡᠯ ᠲᠠᠢ ᠬᠠᠮᠲᠤ ᠪᠠᠷ ᠪᠥᠬᠦ ᠬᠤᠰᠢᠭᠤᠨ ᠤ ᠠᠩᠬᠠᠳᠠᠭᠴᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ 24 ᠴᠠᠭ ᠤᠨ ᠭᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ ᠶᠢ ᠬᠡᠷᠡᠭᠵᠢᠭᠦᠯᠵᠦ᠂ 10 ᠰᠠᠷ᠎ᠠ ᠶᠢᠨ 12 ᠤ ᠡᠳᠦᠷ ᠪᠠᠶᠠᠨᠬᠤᠸᠠ ᠮᠧᠩ ᠳ᠋ᠦᠩ ᠨᠡᠭᠦᠷᠡᠰᠦᠨ ᠤ ᠦᠢᠯᠡᠰ ᠤᠨ ᠺᠣᠮᠫᠠᠨᠢ ᠳᠤ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠲᠣᠰ ᠦᠢᠯᠡᠴᠢᠯᠡᠭᠡᠨ ᠤ ᠥᠷᠲᠡᠭᠡ ᠶᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠭᠰᠠᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠪᠣᠯᠣᠨ ᠪᠠᠶᠠᠨᠬᠤᠸᠠ ᠮᠧᠩ ᠳ᠋ᠦᠩ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠠᠵᠢᠯᠴᠢᠨ ᠤ ᠡᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠠᠵᠢᠯᠲᠠᠨ ᠠᠵᠢᠯᠴᠢᠨ ᠤ ᠲᠥᠯᠥᠭᠡᠯᠡᠭᠴᠢ ᠵᠡᠷᠭᠡ 100 ᠭᠠᠷᠤᠢ ᠬᠥᠮᠥᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠠᠢ᠃     ᠣᠶᠢᠯᠠᠭᠠᠭᠰᠠᠨ ᠢᠶᠠᠷ᠂ ᠲᠣᠰ ᠦᠢᠯᠡᠴᠢᠯᠡᠭᠡᠨ ᠤ ᠥᠷᠲᠡᠭᠡ ᠪᠣᠯ ᠠᠵᠢᠯᠲᠠᠨ ᠠᠵᠢᠯᠴᠢᠨ ᠢ ᠬᠠᠯᠠᠮᠵᠢᠯᠠᠨ ᠬᠠᠶᠢᠷᠠᠯᠠᠬᠤ ᠨᠢᠭᠡ ᠵᠦᠢᠯ ᠤᠨ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠮᠥᠨ᠂ ︽ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠵᠦᠢ ᠵᠣᠬᠢᠰᠲᠠᠢ ᠭᠠᠵᠠᠷ ᠰᠣᠩᠭᠤᠬᠤ᠂ ᠡᠬᠢ ᠪᠠᠶᠠᠯᠢᠭ ᠢ ᠠᠷᠪᠢᠯᠠᠬᠤ᠂ ᠬᠡᠷᠡᠭᠯᠡᠬᠦ ᠳᠤ ᠲᠥᠬᠦᠮ ᠪᠠᠶᠢᠯᠭᠠᠬᠤ︾ ᠵᠠᠷᠴᠢᠮ ᠶᠣᠰᠣᠭᠠᠷ᠂ ᠠᠵᠢᠯᠲᠠᠨ ᠠᠵᠢᠯᠴᠢᠨ ᠤ ᠭᠡᠷ ᠤᠨ ᠭᠠᠳᠠᠨᠠᠬᠢ ᠬᠥᠳᠡᠯᠮᠦᠷᠢ ᠶᠢᠨ ᠦᠢᠯᠡᠴᠢᠯᠡᠭᠡᠨ ᠤ ᠥᠷᠲᠡᠭᠡ ᠴᠡᠭ ᠤᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢ ᠢᠳᠡᠪᠬᠢᠲᠡᠢ ᠥᠷᠨᠢᠭᠦᠯᠵᠦ᠂ ᠥᠨᠳᠥᠷ ᠪᠠᠷᠢᠮᠵᠢᠶ᠎ᠠ ᠪᠠᠷ ᠵᠢᠷᠤᠵᠤ ᠲᠥᠯᠥᠪᠯᠡᠨ ᠦᠢᠯᠡᠳᠴᠦ᠂ ᠥᠷᠲᠡᠭᠡᠨ ᠤ ᠪᠠᠷᠢᠯᠭ᠎ᠠ ᠶᠢᠨ ᠡᠭᠦᠷᠭᠡ ᠶᠢ ᠣᠬᠤᠷᠬᠠᠨ ᠬᠤᠭᠤᠴᠠᠭᠠᠨ ᠳᠤ ᠪᠡᠶᠡᠯᠡᠭᠦᠯᠦᠭᠰᠡᠨ ᠪᠠᠶᠢᠨ᠎ᠠ᠃ ᠥᠷᠲᠡᠭᠡᠨ ᠳᠣᠲᠣᠷ᠎ᠠ ᠡᠮ ᠤᠨ ᠬᠠᠶᠢᠷᠴᠠᠭ᠂ ᠴᠢᠰᠤᠨ ᠳᠠᠷᠤᠯᠲᠠ ᠶᠢᠨ ᠬᠡᠮᠵᠢᠭᠦᠷᠯᠢᠭ᠂ AED ᠪᠡᠶ᠎ᠡ ᠶᠢᠨ ᠭᠠᠳᠠᠨᠠᠬᠢ ᠴᠡᠴᠡᠷᠡᠬᠦ ᠶᠢ ᠠᠷᠢᠯᠭᠠᠬᠤ ᠠᠦᠲ᠋ᠤ᠋ ᠬᠡᠮᠵᠢᠭᠦᠷᠯᠢᠭ᠂ ᠠᠭᠠᠷ  ᠵᠣᠬᠢᠴᠠᠭᠤᠯᠤᠭᠴᠢ᠂ ᠬᠥᠷᠥᠭᠡᠭᠦᠷ᠂ ᠪᠢᠴᠢᠯ ᠳᠣᠯᠭᠢᠶᠠᠨ ᠤ ᠵᠤᠤᠬ᠎ᠠ᠂ ᠬᠠᠯᠠᠭᠤᠨ ᠤᠰᠤᠨ ᠤ ᠮᠠᠰᠢᠨ᠂ ᠨᠣᠮ ᠰᠡᠳᠬᠦᠯ ᠤᠨ ᠲᠠᠯᠪᠢᠭᠤᠷ᠂ ᠴᠠᠬᠢᠯᠭᠠᠨ ᠴᠡᠨᠡᠭᠯᠡᠬᠦ ᠵᠡᠷᠭᠡ ᠲᠥᠬᠦᠭᠡᠷᠦᠮᠵᠢ ᠲᠠᠢ ᠪᠠᠶᠢᠳᠠᠭ᠃    ᠪᠠᠶᠠᠨᠬᠤᠸᠠ ᠮᠧᠩ ᠳ᠋ᠦᠩ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠣᠰ ᠦᠢᠯᠡᠴᠢᠯᠡᠭᠡᠨ ᠤ ᠥᠷᠲᠡᠭᠡᠨ ᠤ ᠪᠦᠲᠦᠭᠡᠨ ᠪᠠᠶᠢᠭᠤᠯᠤᠯᠲᠠ ᠨᠢ ᠭᠡᠷ ᠤᠨ ᠭᠠᠳᠠᠨᠠᠬᠢ ᠠᠵᠢᠯᠲᠠᠨ ᠠᠵᠢᠯᠴᠢᠨ ᠤ ᠵᠣᠯ ᠵᠢᠷᠭᠠᠯ ᠤᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠠᠵᠢᠯ ᠬᠢᠵᠦ ᠦᠢᠯᠡᠰ ᠴᠣᠭᠴᠠᠯᠠᠬᠤ ᠠᠵᠢᠯ ᠤᠨ ᠬᠠᠯᠠᠭᠤᠨ ᠰᠡᠳᠬᠢᠯᠭᠡ ᠶᠢ ᠨᠠᠩ ᠰᠠᠶᠢᠨ ᠬᠥᠭᠵᠢᠭᠡᠨ ᠵᠣᠷᠢᠭᠵᠢᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠨᠠᠩ ᠶᠡᠭᠡ ᠦᠨ᠎ᠡ ᠥᠷᠲᠡᠭ ᠢ ᠡᠭᠦᠳᠪᠡ ᠭᠡᠵᠡᠢ᠃     ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ ᠂ ᠲᠣᠰ ᠦᠢᠯᠡᠴᠢᠯᠡᠭᠡᠨ ᠤ ᠥᠷᠲᠡᠭᠡ ᠨᠢ ᠭᠡᠷ ᠤᠨ ᠭᠠᠳᠠᠨᠠᠬᠢ ᠬᠥᠳᠡᠯᠮᠦᠷᠢᠴᠢᠳ ᠤᠨ ︽ᠤᠮᠳᠠᠭᠠᠰᠪᠠᠯ ᠤᠰᠤ ᠤᠤᠭᠤᠬᠤ᠂ ᠬᠠᠯᠠᠭᠤᠴᠠᠪᠠᠯ ᠰᠡᠷᠢᠭᠦᠴᠡᠬᠦ᠂  ᠳᠠᠭᠠᠷᠠᠪᠠᠯ ᠳᠤᠯᠠᠭᠠᠴᠠᠬᠤ᠂ ᠶᠠᠳᠠᠷᠠᠪᠠᠯ ᠠᠮᠠᠷᠠᠵᠤ ᠳᠡᠶᠢᠯᠬᠦ︾ ᠦᠨᠳᠦᠰᠦᠨ ᠱᠠᠭᠠᠷᠳᠠᠯᠭ᠎ᠠ ᠶᠢ ᠬᠠᠩᠭᠠᠵᠤ᠂ ︽ᠬᠥᠯ ᠠᠮᠠᠷᠠᠬᠤ ᠭᠠᠵᠠᠷ︾ ᠪᠣᠯᠬᠤ ᠪᠠᠷ ᠪᠠᠷᠠᠬᠤ ᠦᠭᠡᠢ᠂ ᠨᠠᠩ ᠴᠤ ︽ᠠᠷᠠᠳ ᠤᠨ ᠠᠮᠢᠳᠤᠷᠠᠯ ᠤᠨ ᠪᠡᠯᠭᠡ ᠲᠡᠮᠳᠡᠭ︾ ᠪᠣᠯᠵᠤ᠂ ᠨᠠᠮ ᠪᠠ ᠵᠠᠰᠠᠭ ᠤᠨ ᠣᠷᠳᠣᠨ ᠵᠢᠴᠢ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠯᠠᠭᠤᠨ ᠳᠤᠯᠠᠭᠠᠨ ᠢ ᠳᠠᠮᠵᠢᠭᠤᠯᠵᠤ ᠪᠠᠶᠢᠨ᠎ᠠ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号