1971 ᠣᠨ ᠳᠤ᠂ ᠠᠷᠪᠠᠨ ᠵᠢᠷᠭᠤᠭᠠᠬᠠᠨ ᠨᠠᠰᠤᠲᠠᠢ ᠪᠠᠭᠠᠲᠣᠷᠴᠣᠭᠲᠤ ᠡᠬᠡ ᠤᠯᠤᠰ ᠢᠶᠠᠨ ᠰᠠᠬᠢᠨ | ᠬᠠᠮᠠᠭᠠᠯᠠᠬᠤ ᠴᠢᠩ ᠦᠨᠡᠨᠴᠢ ᠰᠡᠳᠬᠢᠯ ᠢ ᠡᠪᠦᠷᠯᠡᠨ᠂ ᠦᠵᠦᠮᠦᠴᠢᠨ ᠨᠤᠲᠤᠭ ᠤᠨ ᠦᠷᠦᠴᠡᠨ ᠠᠴᠠ ᠣᠯᠣᠰ ᠤᠨ | ᠨᠡᠶᠢᠰᠯᠡᠯ ᠪᠡᠭᠡᠵᠢᠩ ᠬᠤᠲᠠ ᠶᠢ ᠵᠣᠷᠢᠵᠤ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠰᠦᠷ | ᠵᠢᠪᠬᠤᠯᠠᠩᠲᠤ ᠡᠩᠨᠡᠭᠡᠨ ᠳᠤ ᠠᠯᠬᠤᠭ᠎ᠠ ᠨᠡᠶᠢᠯᠡᠭᠦᠯᠦᠭᠰᠡᠨ ᠴᠠᠭ ᠠᠴᠠ ᠡᠬᠡ ᠣᠯᠣᠰ ᠤᠨ ᠡᠩᠬᠡ ᠲᠠᠶᠢᠪᠤᠩ᠂ | ᠠᠷᠠᠳ ᠲᠥᠮᠡᠨ ᠤ ᠠᠰᠢᠭ ᠲᠣᠰᠠ ᠲᠠᠢ ᠬᠤᠪᠢ ᠵᠠᠶᠠᠭ᠎ᠠ ᠪᠠᠨ ᠬᠤᠯᠪᠤᠵᠤ᠂ ᠭᠤᠴᠢᠨ ᠵᠢᠯ ᠤᠨ ᠴᠡᠷᠢᠭ ᠤᠨ | ᠠᠮᠢᠳᠣᠷᠠᠯ ᠢᠶᠠᠨ ᠡᠬᠢᠯᠡᠭᠦᠯᠵᠡᠢ᠃ | ᠴᠡᠷᠢᠭ ᠠᠩᠭᠢ ᠳᠠᠭᠠᠨ ᠪᠠᠶᠢᠭᠰᠠᠨ ᠡᠳᠦᠷ ᠤᠳ ᠲᠤ᠂ ᠪᠠᠭᠠᠲᠤᠷᠴᠤᠭᠲᠤ ᠲᠠᠯ᠎ᠠ ᠨᠤᠲᠤᠭ ᠤᠨ ᠬᠦᠪᠡᠭᠦᠳ | ᠤᠨ ᠡᠷᠡᠰ ᠬᠠᠲᠠᠭᠤ ᠬᠠᠳᠠᠨ ᠵᠣᠷᠢᠭ ᠪᠠ ᠪᠢᠷ᠎ᠠ ᠴᠢᠳᠠᠯ ᠢ ᠣᠯᠠᠨ᠎ᠠ ᠭᠠᠶᠢᠬᠠᠭᠤᠯᠵᠤ᠂ ᠬᠠᠲᠠᠭᠤ ᠴᠢᠩᠭ᠎ᠠ ᠴᠡᠷᠢᠭ ᠤᠨ | ᠪᠣᠯᠪᠠᠰᠤᠷᠠᠯ ᠰᠣᠷᠢᠯᠲᠠ ᠶᠢᠨ ᠳᠤᠮᠳᠠ ᠥᠪᠡᠷ ᠢ ᠪᠠᠨ ᠲᠠᠰᠤᠷᠠᠯᠲᠠ ᠦᠭᠡᠢ ᠳᠠᠪᠲᠠᠨ ᠪᠣᠯᠪᠠᠰᠣᠷᠠᠭᠤᠯᠵᠤ᠂ ᠡᠬᠡ | ᠣᠯᠣᠰ ᠢᠶᠠᠨ ᠰᠠᠬᠢᠨ ᠬᠠᠮᠠᠭᠠᠯᠠᠬᠤ ᠴᠡᠷᠢᠭ ᠬᠦᠮᠦᠨ ᠤ ᠡᠭᠦᠷᠭᠡ ᠬᠠᠷᠢᠭᠤᠴᠠᠯᠭ᠎ᠠ ᠪᠠᠨ ᠡᠷᠬᠢᠮᠯᠡᠨ ᠳᠡᠭᠡᠳᠦᠯᠡᠵᠦ᠂ | ᠠᠷᠠᠳ ᠲᠥᠮᠡᠨ ᠤ ᠪᠠᠨ ᠲᠥᠯᠦᠭᠡ ᠬᠦᠴᠦᠨ ᠵᠢᠳᠬᠦᠯ ᠢᠶᠠᠨ ᠡᠷᠭᠦᠬᠦ ᠶᠢ ᠵᠣᠷᠢᠵᠠᠢ᠃ | 1973 ᠣᠨ ᠤ 3 ᠰᠠᠷ᠎ᠠ ᠳᠤ᠂ ᠪᠠᠭᠠᠲᠤᠷᠴᠤᠭᠲᠤ ᠭᠠᠯ ᠤᠯᠠᠭᠠᠨ ᠨᠠᠮ ᠤᠨ ᠲᠤᠭ ᠤᠨ ᠳᠣᠣᠷ᠎ᠠ ᠲᠥᠪ | ᠴᠢᠩᠭ᠎ᠠ ᠪᠠᠷ ᠲᠠᠩᠭᠠᠷᠢᠭᠯᠠᠵᠤ᠂ ᠳᠣᠮᠳᠠᠳᠣ ᠣᠯᠣᠰ ᠤᠨ ᠡᠪ ᠬᠠᠮᠲᠤ ᠨᠠᠮ ᠤᠨ ᠭᠡᠰᠢᠭᠦᠨ ᠪᠣᠯᠵᠤ᠂ ᠨᠠᠮ ᠪᠣᠯᠣᠨ | ᠠᠷᠠᠳ ᠲᠦᠮᠡᠨ ᠤ ᠲᠥᠯᠥᠭᠡ ᠴᠥᠬᠦᠷᠡᠰᠢ ᠦᠭᠡᠢ ᠲᠡᠮᠡᠴᠡᠬᠦ ᠬᠠᠳᠠᠨ ᠵᠣᠷᠢᠭ ᠢᠶᠠᠨ ᠢᠯᠡᠳᠭᠡᠵᠡᠢ᠃ ᠲᠡᠭᠦᠨ ᠠᠴᠠ | ᠬᠤᠶᠢᠰᠢ᠂ ᠲᠡᠷᠡ ᠨᠡᠩ ᠶᠡᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠷᠭᠠᠭᠤ ᠬᠢᠴᠢᠶᠡᠩᠭᠦᠢ ᠪᠠᠷ ᠠᠵᠢᠯᠯᠠᠵᠤ᠂ | ᠪᠣᠳᠠᠲᠤ ᠠᠵᠢᠯᠯᠠᠭ᠎ᠠ ᠪᠠᠷ ᠢᠶᠠᠨ ᠨᠠᠮ ᠳᠤ ᠣᠷᠣᠬᠤ ᠦᠶᠡᠰ ᠤᠨ ᠲᠠᠩᠭᠠᠷᠢᠭ ᠢᠶᠠᠨ ᠦᠢᠯᠡᠳᠦᠯᠭᠡᠵᠢᠭᠦᠯᠵᠦ᠂ ᠦᠢ | ᠤᠯᠠᠨ ᠲᠠᠯ᠎ᠠ ᠨᠤᠲᠤᠭ ᠤᠨ ᠬᠥᠪᠡᠭᠦᠳ ᠥᠬᠢᠳ ᠤᠨ ᠤᠯᠤᠰ ᠣᠷᠣᠨ ᠢᠶᠠᠨ ᠴᠡᠴᠡᠭᠯᠡᠭᠦᠯᠦᠨ ᠬᠦᠴᠦᠷᠬᠡᠭᠵᠢᠭᠦᠯᠬᠦ | ᠶᠢᠨ ᠲᠥᠯᠥᠭᠡ ᠴᠢᠷᠮᠠᠶᠢᠨ ᠲᠡᠮᠡᠴᠡᠬᠦ ᠶᠢ ᠤᠷᠮᠠᠰᠢᠭᠤᠯᠤᠨ ᠵᠣᠷᠢᠭᠵᠢᠭᠤᠯᠵᠠᠢ᠃ | 1976 ᠣᠨ ᠳᠤ᠂ ᠠᠵᠢᠯ ᠤᠨ ᠬᠡᠷᠡᠭᠴᠡᠭᠡ ᠠᠴᠠ ᠪᠠᠭᠠᠲᠤᠷᠴᠤᠭᠲᠤ ᠥᠪᠥᠷ ᠮᠣᠩᠭᠤᠯ ᠤᠨ ᠴᠡᠷᠢᠭ ᠤᠨ | ᠲᠣᠭᠤᠷᠢᠭ ᠤᠨ ᠨᠢᠭᠡᠨ ᠬᠤᠪᠢᠶᠠᠷᠢ ᠲᠣᠭᠤᠷᠢᠭ ᠤᠨ ᠴᠡᠷᠢᠭ ᠤᠨ ᠮᠠᠰᠢᠨ ᠰᠡᠯᠪᠢᠨ ᠵᠠᠰᠠᠬᠤ ᠭᠠᠵᠠᠷ ᠤᠨ ᠮᠠᠰᠲ᠋ᠧᠷ ᠢᠶᠠᠷ | ᠲᠣᠮᠢᠯᠠᠭᠳᠠᠵᠤ᠂ ᠤᠷᠢᠳ ᠬᠤᠵᠢᠳ ᠤᠯᠤᠰ ᠲᠦᠷᠦ ᠶᠢᠨ ᠰᠠᠯᠠᠭᠠᠨ ᠤ ᠤᠯᠠᠨ ᠲᠦᠮᠡᠨ ᠤ ᠬᠤᠯᠪᠣᠭᠠᠨ ᠤ | ᠠᠵᠢᠯᠯᠠᠭᠴᠢ᠂ ᠬᠤᠶᠠᠭᠲᠤ ᠵᠥᠭᠡᠭᠡᠪᠦᠷᠢ ᠶᠢᠨ ᠰᠤᠮᠤᠨ ᠤ ᠵᠢᠭᠠᠨ ᠵᠢᠯᠣᠭᠤᠳᠤᠭᠴᠢ ᠶᠢᠨ ᠲᠤᠰᠢᠶᠠᠯ ᠢ ᠬᠠᠷᠢᠭᠤᠴᠠᠵᠤ | ᠪᠠᠶᠢᠵᠠᠢ ᠃ ᠬᠤᠷᠢᠭᠠᠳ ᠵᠢᠯ ᠤᠨ ᠲᠤᠷᠰᠢ᠂ ᠲᠡᠷᠡ ᠳᠠᠶᠢᠴᠢᠨ ᠨᠥᠬᠦᠳ ᠲᠠᠢ ᠪᠠᠨ ᠨᠠᠢᠮᠠᠨ ᠮᠢᠩᠭᠠᠨ ᠭᠠᠵᠠᠷ ᠤᠨ | ᠡᠬᠡ ᠣᠯᠣᠰ ᠤᠨ ᠬᠢᠯᠢ ᠶᠢᠨ ᠱᠤᠭᠤᠮ ᠢ ᠰᠠᠬᠢᠨ ᠬᠠᠮᠠᠭᠠᠯᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠠᠯᠬᠢ | ᠪᠣᠷᠣᠭᠠᠨ ᠴᠠᠰᠤ ᠰᠢᠭᠤᠷᠭ᠎ᠠ ᠶᠢ ᠰᠥᠷᠢᠨ᠂ ᠡᠳᠦᠷ ᠰᠥᠨᠢ ᠶᠢᠨ ᠬᠤᠪᠢᠨ ᠳᠤ ᠬᠠᠷᠠᠭᠤᠯ ᠤᠨ ᠴᠡᠭ ᠢᠶᠠᠨ ᠪᠠᠲᠤ | ᠰᠠᠬᠢᠵᠤ᠂ ᠡᠬᠡ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠦᠢᠯᠡᠰ ᠲᠤ ᠣᠶᠤᠨ ᠤᠬᠠᠭᠠᠨ᠂ ᠬᠦᠴᠦᠨ ᠴᠢᠳᠠᠯ | ᠢᠶᠠᠨ ᠡᠷᠭᠦᠵᠡᠢ ᠃ | ᠬᠤᠰᠢᠭᠤᠴᠢ ᠬᠤᠷᠠᠩᠳᠠ ᠠᠴᠠ ᠳᠡᠳ᠋ ᠬᠤᠷᠠᠩᠳᠠ᠂ ᠵᠠᠯᠭᠠᠭᠠᠳ ᠬᠤᠷᠠᠩᠳᠠ ᠬᠦᠷᠲᠡᠯ᠎ᠡ᠂ ᠪᠠᠭᠠᠲᠤᠷᠴᠤᠭᠲᠤ | ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠂ ᠰᠢᠨᠲᠠᠷᠠᠰᠢ ᠦᠭᠡᠢ ᠬᠠᠳᠠᠨ ᠵᠣᠷᠢᠭ ᠢᠶᠠᠷ ᠴᠡᠷᠢᠭ ᠬᠦᠮᠦᠨ ᠤ | ᠦᠩᠭᠡ ᠭᠡᠷᠡᠯᠲᠦ ᠢᠷᠠᠭᠤ ᠠᠯᠳᠠᠷ ᠢ ᠪᠢᠴᠢᠭᠯᠡᠵᠦ᠂ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠲᠡᠭᠦᠨ ᠤ | ᠲᠤᠷᠠᠳᠬᠠᠯ ᠳᠤ ᠤᠯᠠᠨ ᠰᠠᠶᠢᠬᠠᠨ ᠦᠯᠢᠭᠡᠷ ᠤᠴᠢᠷ ᠤᠳ ᠬᠦᠪᠦᠷᠡᠨ᠎ᠡ᠃ 1996 ᠣᠨ ᠳᠤ᠂ ᠲᠡᠷᠡ ᠥᠪᠥᠷ | ᠮᠣᠩᠭᠤᠯ ᠤᠨ ᠨᠠᠢᠮᠠᠨ ᠮᠢᠩᠭᠠᠨ ᠭᠠᠵᠠᠷ ᠤᠨ ᠬᠢᠯᠢ ᠶᠢᠨ ᠬᠠᠮᠠᠭᠠᠯᠠᠯᠲᠠ ᠶᠢᠨ ᠱᠤᠭᠤᠮ ᠤᠨ ᠲᠥᠯᠥᠭᠡᠯᠡᠭᠴᠢᠳ ᠲᠠᠢ | ᠬᠠᠮᠲᠤ ᠪᠡᠭᠡᠵᠢᠩ ᠬᠤᠲᠠ ᠳᠤ ᠬᠦᠷᠴᠦ ᠪᠠᠶᠢᠬᠤ ᠳᠠᠭᠠᠨ᠂ ᠲᠢᠶᠠᠨ ᠠᠨ ᠮᠧᠨ ᠠᠭᠤᠳᠠᠮ ᠲᠠᠯᠠᠪᠠᠢ ᠳᠤ ᠲᠠᠪᠤᠨ | ᠣᠳᠣᠲᠤ ᠤᠯᠠᠭᠠᠨ ᠲᠤᠭ ᠠᠯᠭᠤᠷᠬᠠᠨ ᠮᠠᠨᠳᠤᠬᠤ ᠶᠢ ᠬᠠᠷᠠᠵᠤ ᠬᠠᠯᠠᠭᠤᠨ ᠨᠢᠯᠪᠤᠰᠤ ᠮᠡᠯᠲᠡᠭᠡᠨᠡᠭᠦᠯᠦᠨ᠂ ᠡᠬᠡ ᠤᠯᠤᠰ | ᠢᠶᠠᠨ ᠰᠠᠬᠢᠨ ᠬᠠᠮᠠᠭᠠᠯᠠᠬᠤ ᠲᠠᠷᠬᠠᠨ ᠡᠭᠦᠷᠭᠡ ᠲᠠᠢ ᠴᠡᠷᠢᠭ ᠬᠦᠮᠦᠨ ᠪᠤᠯᠤᠭᠰᠠᠨ ᠳᠠᠭᠠᠨ ᠬᠢᠵᠠᠭᠠᠷᠯᠠᠰᠢ ᠦᠭᠡᠢ | ᠣᠮᠣᠭᠰᠢᠨ ᠪᠠᠶᠠᠷᠯᠠᠵᠤ ᠪᠠᠶᠢᠭᠰᠠᠨ ᠪᠣᠯ᠂ ᠮᠦᠨ 1996 ᠣᠨ ᠳᠤ᠂ ᠮᠣᠩᠭᠤᠯ ᠤᠯᠤᠰ ᠤᠨ ᠬᠠᠷᠢᠶᠠᠲᠤ | ᠤᠷᠤᠨ ᠠᠴᠠ ᠡᠭᠦᠰᠦᠭᠰᠡᠨ ᠲᠦᠢᠮᠡᠷ ᠤᠨ ᠭᠠᠯ ᠬᠢᠯᠢ ᠳᠠᠪᠠᠨ ᠤᠷᠤᠵᠤ ᠢᠷᠡᠬᠦ ᠳᠤ᠂ ᠪᠠᠭᠠᠲᠤᠷᠴᠤᠭᠲᠤ ᠴᠡᠷᠢᠭ | ᠠᠩᠭᠢ ᠪᠠᠨ ᠳᠠᠭᠠᠭᠤᠯᠤᠨ ᠲᠦᠢᠮᠡᠷ ᠤᠨ ᠭᠠᠯ ᠢ ᠴᠤᠬᠢᠨ᠂ ᠵᠠᠯᠭᠠᠭ᠎ᠠ ᠪᠠᠷ ᠶᠢᠰᠦᠨ ᠰᠥᠨᠢ ᠶᠢᠰᠦᠨ ᠡᠳᠦᠷ | ᠪᠠᠶᠢᠯᠳᠤᠵᠤ᠂ ᠶᠡᠭᠡ ᠲᠦᠢᠮᠡᠷ ᠤᠨ ᠤᠯᠤᠰ ᠤᠨ ᠬᠢᠯᠢ ᠳᠣᠲᠣᠷ᠎ᠠ ᠥᠷᠭᠡᠵᠢᠨ ᠳᠡᠯᠭᠡᠷᠡᠬᠦ ᠶᠢ ᠬᠤᠷᠢᠭᠯᠠᠵᠤ ᠴᠢᠳᠠᠭᠰᠠᠨ | ᠪᠠᠶᠢᠨ᠎ᠠ᠃ ᠤᠯᠤᠰ ᠣᠷᠣᠨ ᠤ ᠨᠤᠲᠤᠭ ᠳᠡᠪᠢᠰᠭᠡᠷ ᠤᠨ ᠡᠬᠢ ᠪᠠᠶᠠᠯᠢᠭ ᠪᠠ ᠠᠷᠠᠳ ᠲᠦᠮᠡᠨ ᠤ ᠠᠮᠢ ᠨᠠᠰᠤ ᠡᠳ᠋ | ᠬᠥᠷᠥᠩᠭᠡ ᠬᠦᠨᠳᠦ ᠨᠣᠴᠢᠲᠠᠢ ᠰᠦᠷᠳᠡᠭᠦᠯᠦᠯ ᠳᠤ ᠤᠴᠠᠷᠠᠭᠰᠠᠨ ᠵᠠᠩᠭᠢᠯᠠᠭ᠎ᠠ ᠶᠢᠨ ᠦᠶ᠎ᠡ ᠳᠤ ᠲᠡᠷᠡ ᠠᠮᠢ ᠪᠡᠶ᠎ᠡ ᠪᠠᠨ | ᠬᠠᠶᠢᠬᠤᠷᠤᠯ ᠦᠭᠡᠢ ᠴᠡᠭᠡᠵᠢ ᠲᠥᠷᠢᠨ ᠣᠷᠤᠭᠰᠢᠯᠠᠵᠤ᠂ ᠪᠤᠲᠠᠲᠤ ᠦᠢᠯᠡ ᠠᠵᠢᠯᠯᠠᠭ᠎ᠠ ᠪᠠᠷ ᠢᠶᠠᠨ ᠴᠡᠷᠢᠭ ᠬᠥᠮᠥᠨ | ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠭᠰᠡᠨ ᠠᠴᠠ ᠢᠷᠠᠭᠤ ᠠᠯᠳᠠᠷᠲᠠᠢ ᠪᠠᠷ | ᠬᠤᠶᠠᠳᠣᠭᠠᠷ ᠲᠡᠰ ᠤᠨ ᠭᠠᠪᠢᠶᠠᠨ ᠳᠡᠮᠳᠡᠭ ᠢᠶᠠᠷ ᠡᠩᠭᠡᠷ ᠢᠶᠠᠨ ᠮᠢᠯᠢᠶᠡᠯᠭᠠᠵᠤ᠂ ︽ᠭᠠᠯ ᠤᠨᠲᠠᠷᠠᠭᠠᠬᠤ ᠲᠡᠷᠢᠭᠦᠨ ᠤ | ᠠᠵᠢᠯᠲᠠᠨ︾ ᠤ ᠴᠣᠯᠠ ᠬᠥᠷᠲᠡᠵᠡᠢ᠃ | ᠡᠶᠢᠨᠬᠦ ᠦᠵᠦᠮᠦᠴᠢᠨ ᠨᠤᠲᠤᠭ ᠲᠤ ᠥᠰᠴᠤ ᠲᠥᠷᠦᠭᠰᠡᠨ ᠬᠤᠷᠠᠩᠳᠠ ᠪᠠᠨᠭᠠᠲᠤᠷᠴᠤᠭᠲᠤ ᠨᠢᠭᠡ ᠨᠠᠰᠤ | ᠦᠨᠡᠨᠴᠢ ᠰᠢᠳᠤᠷᠭᠤ ᠪᠠᠷ ᠡᠬᠡ ᠣᠯᠣᠰ ᠤᠨ ᠢᠶᠠᠨ ᠪᠠᠲᠤᠯᠠᠨ ᠬᠠᠮᠠᠭᠠᠯᠠᠯᠲᠠ ᠳᠤ ᠬᠦᠴᠦᠨ ᠵᠢᠳᠬᠦᠯ ᠢᠶᠠᠨ ᠡᠷᠭᠦᠵᠦ᠂ | ᠤᠷᠲᠤ ᠠᠴᠠ ᠤᠷᠲᠤ᠂ ᠪᠠᠬᠢ ᠠᠴᠠ ᠪᠠᠬᠢ ᠬᠢᠯᠢ ᠶᠢᠨ ᠬᠠᠮᠠᠭᠠᠯᠠᠯᠲᠠ ᠶᠢᠨ ᠱᠤᠭᠤᠮ ᠳᠡᠭᠡᠷ᠎ᠡ ᠪᠠᠯᠠᠷᠠᠰᠢ ᠦᠭᠡᠢ | ᠤᠯᠠ ᠮᠦᠷ ᠢᠶᠠᠨ ᠦᠯᠡᠳᠡᠭᠡᠨ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠬᠠᠳᠠᠨ ᠵᠣᠷᠢᠭ ᠢ ᠱᠤᠭᠤᠭᠰᠠᠨ | ᠪᠠᠶᠢᠨ᠎ᠠ᠃ | | | | |