ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨᠭᠤᠣᠯᠯᠠᠬᠤ ᠳᠤᠭᠤᠶᠢᠯᠠᠩ 2024 ᠣᠨ ᠤ 12 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭ᠋᠊
ᠨᠡᠶᠢᠲᠡᠯᠡᠭᠰᠡᠨ ᠴᠠᠭ᠄
2024/10/16
     10 ᠰᠠᠷ᠎ᠠ ᠶᠢᠨ 12 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2024 ᠣᠨ ᠤ 12 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠬᠤᠷᠠᠯ ᠢ ᠡᠷᠭᠢᠯᠡᠪᠡ᠃      ᠬᠤᠷᠠᠯ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠬᠤᠶᠠᠳᠤᠭᠠᠷ ᠪᠥᠬᠦᠳᠡ ᠬᠤᠷᠠᠯᠳᠤᠭᠠᠨ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠴᠡᠷᠢᠭ ᠤᠨ ᠶᠠᠪᠤᠳᠠᠯ  ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠵᠢᠷᠭᠤᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠪᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠤᠯᠠᠮᠵᠢᠯᠠᠨ᠂ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ     ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠣᠳᠣᠬᠠᠨ ᠤ ᠬᠥᠭᠵᠢᠯᠲᠡ ᠶᠢᠨ ᠪᠠᠶᠢᠳᠠᠯ᠂ ᠣᠷᠴᠢᠨ ᠲᠣᠭᠤᠷᠢᠨ ᠪᠠ ᠨᠥᠬᠦᠴᠡᠯ ᠤᠨ ᠬᠤᠪᠢᠷᠠᠯᠲᠠ ᠶᠢ ᠦᠨᠳᠦᠰᠦᠯᠡᠨ᠂ ᠦᠵᠡᠯ ᠰᠠᠨᠠᠭ᠎ᠠ ᠪᠠᠨ ᠲᠠᠰᠤᠷᠠᠯᠲᠠ ᠦᠭᠡᠢ ᠴᠢᠯᠦᠭᠡᠯᠡᠵᠦ᠂ ᠥᠭᠡᠷᠡᠴᠢᠯᠡᠯᠲᠡ ᠠᠴᠠ ᠠᠮᠢᠵᠢᠷᠠᠯ ᠤᠨ ᠬᠦᠴᠦᠨ᠂ ᠬᠥᠳᠡᠯᠭᠡᠬᠦ ᠬᠦᠴᠦᠨ᠂ ᠦᠷ᠎ᠡ ᠪᠦᠲᠦᠮᠵᠢ ᠣᠯᠬᠤ ᠶᠢ ᠪᠠᠷᠢᠮᠲᠠᠯᠠᠨ᠂ ᠬᠤᠰᠢᠭᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠨᠢᠭᠡ ᠪᠦᠯᠦᠭ ᠬᠠᠨᠳᠤᠯᠭᠠᠲᠤ ᠴᠢᠨᠠᠷ ᠢᠶᠠᠷ ᠴᠢᠩᠭ᠎ᠠ᠂ ᠦᠨ᠎ᠡ ᠴᠠᠨ᠎ᠠ ᠪᠠᠷ ᠥᠨᠳᠥᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠴᠢᠨᠠᠷ ᠰᠠᠶᠢᠲᠠᠢ ᠥᠭᠡᠷᠡᠴᠢᠯᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠵᠣᠷᠢᠭᠲᠠᠢ ᠰᠡᠳᠬᠢᠵᠦ ᠵᠣᠷᠢᠭᠲᠠᠢ   ᠲᠤᠷᠰᠢᠨ᠂ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠶᠢ ᠬᠥᠭᠵᠢᠭᠡᠵᠦ᠂ ᠳᠡᠭᠡᠳᠦ ᠱᠠᠲᠤᠨ ᠤ ᠲᠦᠷᠦ ᠶᠢᠨ ᠪᠣᠳᠣᠯᠭ᠎ᠠ ᠶᠢ ᠪᠦᠲᠦᠭᠡᠯᠴᠢ ᠪᠠᠷ ᠰᠠᠶᠢᠲᠤᠷ ᠨᠠᠶᠢᠳᠠᠪᠤᠷᠢᠵᠢᠭᠤᠯᠤᠨ᠂ ᠭᠠᠵᠠᠷ ᠣᠷᠣᠨ ᠤ ᠬᠥᠭᠵᠢᠯᠲᠡ ᠶᠢ ᠨᠡᠭᠡᠭᠡᠯᠲᠡᠲᠤ ᠴᠢᠨᠠᠷᠲᠠᠢ ᠪᠠᠷ ᠠᠬᠢᠭᠤᠯᠬᠤ ᠬᠡᠷᠡᠭᠲᠡᠢ᠃ ᠵᠣᠷᠢᠭᠲᠠᠢ ᠲᠡᠮᠡᠴᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠨᠡᠮᠡᠭᠳᠡᠯ ᠤᠨ ᠬᠡᠮᠵᠢᠶ᠎ᠡ ᠶᠢ ᠳᠡᠭᠡᠭᠰᠢᠯᠡᠭᠦᠯᠬᠦ  ᠶᠢ ᠪᠠᠷᠢᠮᠲᠠᠯᠠᠨ᠂ ᠲᠦᠷᠦᠯ ᠵᠦᠢᠯ ᠢᠶᠠᠷ ᠭᠤᠣᠯ ᠪᠣᠯᠭᠠᠵᠤ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠵᠦ᠂ ᠠᠵᠢᠯ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠲᠠᠨᠢᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠨ᠂ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠠᠲᠤᠯᠠᠬᠤ ᠬᠡᠷᠡᠭᠲᠡᠢ ᠭᠡᠵᠡᠢ᠃     ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ  ᠢᠶᠠᠨ ᠦᠨᠡᠨ ᠬᠦ ᠪᠠᠳᠠᠷᠠᠭᠤᠯᠵᠤ᠂ ᠲᠣᠰ ᠲᠣᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠤᠣᠯᠳᠠᠯᠭ᠎ᠠ  ᠲᠠᠢ ᠠᠵᠢᠯ ᠢ ᠭᠦᠨᠵᠡᠭᠡᠢ ᠰᠤᠳᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠨᠡᠶᠢᠲᠡᠯᠡᠭᠰᠡᠨ ᠴᠢᠬᠤᠯᠠ ᠲᠥᠷᠥ ᠶᠢᠨ ᠪᠣᠳᠣᠯᠭ᠎ᠠ ᠪᠠ ᠠᠵᠢᠯ ᠤᠨ ᠪᠠᠶᠢᠷᠢᠯᠠᠭᠤᠯᠤᠯᠲᠠ ᠶᠢ ᠴᠠᠭ ᠲᠤᠬᠠᠢ ᠳᠤᠨᠢ   ᠲᠠᠭᠠᠨ ᠰᠤᠷᠤᠯᠴᠠᠵᠤ᠂ ᠪᠢᠴᠢᠭ ᠮᠠᠲ᠋ᠧᠷᠢᠶᠠᠯ ᠨᠡᠶᠢᠲᠡᠯᠡᠭᠰᠡᠨ ᠠᠬᠤᠢ ᠪᠠᠶᠢᠳᠠᠯ᠂ ᠬᠠᠷᠠᠯᠲᠠ ᠡᠭᠦᠷᠭᠡ᠂ ᠪᠠᠶᠢᠷᠢᠯᠠᠭᠤᠯᠤᠯᠲᠠ ᠱᠠᠭᠠᠷᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠣᠨᠣᠪᠴᠢᠲᠠᠶ ᠡᠵᠡᠮᠰᠢᠵᠦ᠂ ᠶᠡᠭᠡ ᠴᠢᠭᠯᠡᠯ ᠢ ᠰᠠᠶᠢᠲᠤᠷ ᠡᠵᠡᠮᠰᠢᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠲᠦᠭᠡᠯᠴᠢ ᠪᠠᠷ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠠᠵᠢᠯ ᠤᠨ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠬᠤ ᠬᠡᠷᠡᠭᠲᠡᠢ᠃ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠪᠣᠯᠣᠨ ᠬᠤᠰᠢᠭᠤᠨ ᠤ ᠪᠣᠳᠠᠲᠤ ᠪᠠᠶᠢᠳᠠᠯ ᠤᠨ ᠤᠶᠠᠯᠳᠤᠯ ᠤᠨ ᠴᠡᠭ ᠢ ᠣᠨᠣᠪᠴᠢᠲᠠᠶ ᠣᠯᠵᠤ᠂ ᠥᠭᠡᠷᠡᠴᠢᠯᠡᠯᠲᠡ ᠶᠢ ᠠᠬᠢᠭᠤᠯᠬᠤ ᠭᠤᠣᠯᠳᠠᠯᠭ᠎ᠠ ᠪᠠ ᠰᠢᠪᠲᠤᠯᠤᠯᠲᠠ ᠶᠢᠨ ᠴᠡᠭ ᠢ ᠣᠨᠣᠪᠴᠢᠲᠠᠶ ᠡᠷᠢᠨ᠂ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ᠂ ᠤᠳᠤᠷᠢᠳᠤᠯᠭ᠎ᠠ ᠶᠢᠨ ᠴᠢᠬᠤᠯᠠᠴᠢᠯᠠᠵᠤ ᠪᠠᠶᠢᠭ᠎ᠠ ᠭᠤᠣᠯᠳᠠᠯᠭ᠎ᠠ ᠲᠠᠢ ᠠᠰᠠᠭᠤᠳᠠᠯ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠲᠠᠢ ᠨᠢᠭᠲᠠ ᠤᠶᠠᠯᠳᠤᠭᠤᠯᠤᠨ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠪᠣᠳᠠᠲᠤ ᠪᠠᠶᠢᠳᠠᠯ ᠢ ᠲᠣᠳᠣᠷᠬᠠᠢ ᠣᠶᠢᠯᠠᠭᠠᠨ᠂ ᠵᠠᠩᠭᠢᠯᠠᠭ᠎ᠠ ᠶᠢ ᠣᠨᠣᠪᠴᠢᠲᠠᠶ ᠡᠷᠢᠵᠦ᠂ ᠬᠠᠨᠳᠤᠯᠭᠠᠲᠤ ᠴᠢᠨᠠᠷᠲᠠᠢ ᠠᠵᠢᠯ ᠤᠨ ᠰᠡᠳᠬᠢᠴᠡ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠴᠠᠭ ᠲᠤᠬᠠᠢ ᠳᠤᠨᠢ ᠬᠡᠷᠡᠭᠵᠢᠭᠦᠯᠵᠦ ᠪᠣᠯᠬᠤᠶᠢᠴᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠭᠠᠨ ᠬᠤᠪᠢᠷᠠᠭᠤᠯᠵᠤ᠂ ᠠᠵᠢᠯ ᠢᠶᠠᠨ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠭᠤᠷᠪᠠ ᠳᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠥᠭᠡᠷᠡᠴᠢᠯᠡᠯᠲᠡ ᠬᠥᠭᠵᠢᠯᠲᠡ ᠶᠢᠨ ᠬᠦᠨᠳᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠪᠦᠬᠦ ᠲᠠᠯ᠎ᠠ ᠶᠢ ᠪᠣᠳᠣᠯᠬᠢᠯᠠᠨ᠂ ᠭᠤᠣᠯᠳᠠᠯᠭ᠎ᠠ ᠶᠢ ᠠᠳᠬᠤᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠳᠠᠯ ᠢ ᠵᠠᠳᠠᠯᠤᠨ᠂ ᠠᠵᠢᠯ ᠢᠶᠠᠨ ᠰᠤᠳᠤᠯᠵᠤ᠂ ᠥᠭᠡᠷᠡᠴᠢᠯᠡᠯᠲᠡ ᠬᠥᠭᠵᠢᠯᠲᠡ ᠶᠢᠨ ᠳᠤᠮᠳᠠ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠ ᠦᠨᠡᠨ ᠬᠦ ᠢᠯᠡᠷᠡᠭᠦᠯᠬᠦ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号