ᠡᠶᠢᠮᠦᠷᠬᠦ ᠮᠢᠬ᠎ᠠ ᠶᠢ ᠬᠡᠳᠦᠢ ᠠᠷᠪᠢᠨ ᠢᠳᠡᠪᠡᠯ ᠲᠡᠳᠦᠢ ᠰᠢᠬᠢᠷ ᠰᠢᠵᠢᠩ ᠡᠪᠡᠳᠴᠢᠨ᠂ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠶᠡᠭᠡ ᠪᠤᠯᠳᠠᠭ
ᠨᠡᠶᠢᠲᠡᠯᠡᠭᠰᠡᠨ ᠴᠠᠭ᠄
2024/10/17
     ᠤᠯᠠᠭᠠᠨ ᠢᠳᠡᠭᠡ ᠳᠤ ᠭᠠᠭ᠋ᠠᠢ ᠶᠢᠨ ᠮᠢᠬ᠎ᠠ᠂ ᠦᠬᠡᠷ ᠤᠨ ᠮᠢᠬ᠎ᠠ᠂ ᠬᠤᠨᠢᠨ ᠮᠢᠬ᠎ᠠ᠂ ᠪᠤᠭᠤ ᠶᠢᠨ ᠮᠢᠬ᠎ᠠ᠂ ᠲᠠᠤᠯᠠᠢ ᠶᠢᠨ ᠮᠢᠬ᠎ᠠ ᠵᠡᠷᠭᠡ ᠰᠢᠷᠬᠡᠭᠯᠢᠭ ᠳᠠᠪᠬᠤᠷᠭ᠎ᠠ ᠪᠦᠬᠦᠢ ᠤᠯᠠᠭᠠᠨ ᠥᠩᠭᠡ ᠲᠠᠢ ᠮᠠᠯ ᠤᠨ ᠮᠢᠬ᠎ᠠ ᠪᠠᠭᠲᠠᠵᠤ ᠪᠠᠶᠢᠬᠤ ᠪᠥᠭᠡᠳ ᠨᠢᠭᠡᠨᠲᠡ ᠡᠳᠡᠭᠡᠷ ᠢ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠣᠯᠠᠨ ᠤᠯᠤᠰ ᠤᠨ ᠬᠤᠣᠷᠲᠤ ᠬᠠᠪᠤᠳᠠᠷ ᠤᠨ ᠰᠤᠳᠤᠯᠭᠠᠨ ᠤ ᠪᠠᠶᠢᠭᠤᠯᠤᠮᠵᠢ ᠠᠴᠠ 2A ᠲᠥᠷᠥᠯ ᠤᠨ ᠬᠤᠣᠷᠲᠤ ᠬᠠᠪᠤᠳᠠᠷ ᠡᠭᠦᠰᠬᠡᠳᠡᠭ ᠢᠳᠡᠭᠡᠨ ᠢᠶᠠᠷ ᠵᠢᠭᠰᠠᠭᠠᠪᠠ᠃ ᠣᠶᠢᠷ᠎ᠠ ᠶᠢᠨ ᠵᠢᠯ ᠠᠴᠠ ᠮᠠᠰᠢ ᠤᠯᠠᠨ ᠰᠤᠳᠤᠯᠭᠠᠨ ︽ᠤᠯᠠᠭᠠᠨ ᠢᠳᠡᠭᠡ ᠎ ᠨᠢ ᠬᠤᠳᠣᠭᠤᠳᠤᠨ ᠤ ᠬᠤᠣᠷᠲᠤ ᠬᠠᠪᠤᠳᠠᠷ᠂ ᠨᠤᠭᠤᠯᠤᠭ᠎ᠠ ᠭᠡᠳᠡᠰᠦᠨ ᠤ ᠬᠤᠣᠷᠲᠤ ᠬᠠᠪᠤᠳᠠᠷ᠂ ᠬᠥᠬᠦᠨ ᠪᠤᠯᠴᠢᠷᠬᠠᠢ ᠶᠢᠨ ᠬᠤᠣᠷᠲᠤ ᠬᠠᠪᠤᠳᠠᠷ᠂ ᠲᠦᠷᠦᠭᠦᠦ ᠪᠤᠯᠴᠢᠷᠬᠠᠢ ᠶᠢᠨ ᠬᠤᠣᠷᠲᠤ ᠬᠠᠪᠤᠳᠠᠷ ᠵᠡᠷᠭᠡ ᠣᠯᠠᠨ ᠵᠦᠢᠯ ᠤᠨ ᠬᠤᠣᠷᠲᠤ ᠬᠠᠪᠤᠳᠠᠷ ᠲᠤ ᠨᠡᠷᠪᠡᠭᠳᠡᠬᠦ ᠠᠶᠤᠯ ᠲᠦᠭᠰᠢᠭᠦᠷᠢ ᠶᠢ ᠨᠡᠮᠡᠭᠳᠡᠭᠦᠯᠬᠦ ᠲᠠᠢ ᠬᠠᠷᠢᠴᠠᠭ᠎ᠠ ᠬᠤᠯᠪᠤᠭ᠎ᠠ ᠲᠠᠢ︾ ᠭᠡᠳᠡᠭ ᠢ ᠭᠡᠷᠡᠴᠢᠯᠡᠭᠰᠡᠨ ᠪᠠᠶᠢᠨ᠎ᠠ᠃             ᠤᠯᠠᠭᠠᠨ ᠢᠳᠡᠭᠡ ᠬᠡᠳᠦᠢ ᠠᠷᠪᠢᠨ ᠢᠳᠡᠪᠡᠯ ᠲᠡᠳᠦᠢ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠥᠨᠳᠥᠷ ᠪᠤᠯᠳᠠᠭ             ᠵᠠᠷᠢᠮ ᠠᠵᠢᠭᠯᠠᠯᠲᠠ ᠶᠢᠨ ᠴᠢᠨᠠᠷ ᠲᠠᠢ ᠰᠤᠳᠤᠯᠭᠠᠨ ᠠᠴᠠ᠂ ᠤᠯᠠᠭᠠᠨ ᠢᠳᠡᠭᠡ ᠳᠤ ᠬᠡᠲᠦ ᠶᠡᠭᠡ ᠬᠠᠨᠤᠭᠰᠠᠨ ᠥᠭᠡᠬᠦ ᠪᠣᠯᠣᠨ ᠾᠣᠯᠧᠰᠲ᠋ᠧᠷᠢᠨ ᠶᠡᠭᠡ ᠠᠭᠤᠯᠤᠭᠳᠠᠳᠠᠭ ᠪᠣᠯᠬᠤᠷ ᠬᠥᠮᠥᠨ ᠲᠥᠷᠥᠯᠬᠢᠲᠡᠨ ᠤ ᠵᠢᠷᠦᠬᠡ ᠰᠤᠳᠠᠰᠤᠨ ᠤ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠶᠢ ᠨᠡᠮᠡᠭᠳᠡᠭᠦᠯᠬᠦ ᠲᠠᠢ ᠮᠡᠳᠡᠭᠳᠡᠮ᠎ᠡ ᠬᠠᠷᠢᠴᠠᠭ᠎ᠠ ᠬᠤᠯᠪᠣᠭ᠎ᠠ ᠲᠠᠢ ᠶᠤᠮ᠃ ᠤᠯᠠᠭᠠᠨ ᠢᠳᠡᠭᠡ ᠬᠡᠳᠦᠢ ᠠᠷᠪᠢᠨ ᠢᠳᠡᠪᠡᠯ ᠲᠡᠳᠦᠢ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠥᠨᠳᠥᠷ ᠪᠣᠯᠣᠨ᠎ᠠ ᠭᠡᠳᠡᠭ ᠢ ᠣᠯᠵᠤ ᠮᠡᠳᠡᠵᠡᠢ᠃             2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠨᠢ ᠵᠢᠷᠦᠬᠡ ᠴᠢᠰᠤᠨ ᠰᠤᠳᠠᠯ ᠤᠨ ᠡᠪᠡᠳᠴᠢᠨ ᠤ ᠪᠠᠶᠢᠩᠭᠤ ᠲᠣᠬᠢᠶᠠᠯᠳᠤᠳᠠᠭ ᠬᠠᠪᠰᠤᠷᠤᠬᠰᠠᠨ ᠡᠪᠡᠳᠴᠢᠨ ᠪᠤᠯᠬᠤ ᠪᠥᠭᠡᠳ ᠪᠠᠰᠠ ᠵᠢᠷᠦᠬᠡ ᠴᠢᠰᠤᠨ ᠰᠤᠳᠠᠯ ᠤᠨ ᠡᠪᠡᠳᠴᠢᠨ ᠤ ᠨᠢᠭᠡᠨᠲᠡ ᠲᠣᠭᠲᠠᠭᠠᠭᠰᠠᠨ ᠠᠶᠤᠯᠲᠠᠢ ᠬᠦᠴᠦᠨ ᠵᠦᠢᠯ ᠪᠣᠯᠣᠨ᠎ᠠ᠃             ᠲᠦᠷᠦᠬᠦᠦ ᠪᠠᠷ ᠰᠤᠳᠤᠯᠤᠭᠠᠴᠢᠳ ᠲᠠᠷᠢᠬᠢᠨ ᠤ ᠴᠢᠰᠤᠨ ᠰᠤᠳᠠᠯ ᠤᠨ 43 ᠲᠥᠷᠥᠯ ᠤᠨ ᠡᠪᠡᠳᠴᠢᠨ ᠤ ᠰᠤᠳᠤᠯᠭᠠᠨ ᠪᠠ 23 ᠲᠥᠷᠥᠯ ᠤᠨ ᠰᠢᠬᠢᠷ ᠰᠢᠵᠢᠩ ᠡᠪᠡᠳᠴᠢᠨ ᠤ ᠰᠤᠳᠤᠯᠭᠠᠨ ᠳᠤ ᠵᠠᠳᠠᠯᠤᠯᠲᠠ ᠬᠢᠵᠦ᠂ ᠡᠳᠦᠷ ᠪᠦᠷᠢ 50 ᠭᠷᠡᠮ ᠡᠳ᠋ᠰᠢᠭᠦᠯᠦᠨ ᠪᠣᠯᠪᠠᠰᠤᠷᠠᠭᠤᠯᠤᠭᠰᠠᠨ ᠤᠯᠠᠭᠠᠨ ᠢᠳᠡᠭᠡ ᠪᠣᠯᠣᠨ 100 ᠭᠷᠡᠮ ᠡᠳ᠋ᠰᠢᠭᠦᠯᠦᠨ ᠪᠣᠯᠪᠠᠰᠤᠷᠠᠭᠤᠯᠤᠭᠠᠳᠤᠢ ᠤᠯᠠᠭᠠᠨ ᠢᠳᠡᠭᠡ ᠬᠢᠭᠡᠳ ᠵᠢᠷᠦᠬᠡ ᠰᠤᠳᠠᠰᠤᠨ ᠤ ᠡᠪᠡᠳᠴᠢᠨ ᠪᠣᠯᠣᠨ ᠰᠢᠬᠢᠷ ᠰᠢᠵᠢᠩ ᠡᠪᠡᠳᠴᠢᠨ ᠤ ᠬᠤᠭᠤᠷᠤᠨᠳᠤᠬᠢ ᠬᠠᠷᠢᠴᠠᠭ᠎ᠠ ᠬᠤᠯᠪᠤᠭ᠎ᠠ ᠶᠢ ᠵᠠᠳᠠᠯᠤᠨ ᠰᠤᠳᠤᠯᠵᠠᠢ᠃             ᠰᠤᠳᠤᠯᠭᠠᠨ ᠢᠶᠠᠷ ᠣᠯᠵᠤ ᠮᠡᠳᠡᠭᠰᠡᠨ ᠨᠢ᠂ ᠡᠳ᠋ᠰᠢᠭᠦᠯᠦᠨ ᠪᠣᠯᠪᠠᠰᠤᠷᠠᠭᠤᠯᠤᠭᠰᠠᠨ ᠪᠤᠶᠤ ᠡᠳ᠋ᠰᠢᠭᠦᠯᠦᠨ ᠪᠣᠯᠪᠠᠰᠤᠷᠠᠭᠤᠯᠤᠭᠠᠳᠤᠢ ᠤᠯᠠᠭᠠᠨ ᠢᠳᠡᠭᠡ ᠶᠢ ᠶᠡᠭᠡ ᠬᠡᠮᠵᠢᠶ᠎ᠡ ᠢᠳᠡᠬᠦ ᠨᠢ ᠵᠢᠷᠦᠬᠡ ᠰᠤᠳᠠᠰᠤᠨ ᠤ ᠡᠪᠡᠳᠴᠢᠨ ᠪᠣᠯᠣᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠶᠢ ᠨᠡᠮᠡᠭᠳᠡᠭᠦᠯᠳᠡᠭ᠃ ᠡᠳᠦᠷ ᠪᠦᠷᠢ 50 ᠭᠷᠡᠮ ᠡᠳ᠋ᠰᠢᠭᠦᠯᠦᠨ ᠪᠣᠯᠪᠠᠰᠤᠷᠠᠭᠤᠯᠤᠭᠰᠠᠨ ᠤᠯᠠᠭᠠᠨ ᠢᠳᠡᠭᠡ ᠢᠯᠡᠭᠦᠦ ᠢᠳᠡᠪᠡᠯ ᠵᠢᠷᠦᠬᠡ ᠰᠤᠳᠠᠰᠤᠨ ᠤ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠶᠢ 26%᠎ ᠪᠠᠷ ᠨᠡᠮᠡᠭᠳᠡᠭᠦᠯᠵᠦ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ 44%᠎ ᠪᠠᠷ ᠨᠡᠮᠡᠭᠳᠡᠭᠦᠯᠳᠡᠭ᠃ ᠡᠳᠦᠷ ᠪᠦᠷᠢ 100 ᠭᠷᠡᠮ ᠤᠯᠠᠭᠠᠨ ᠢᠳᠡᠭᠡ ᠢᠯᠡᠭᠦᠦ ᠢᠳᠡᠪᠡᠯ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠶᠢ 11%᠎ ᠪᠠᠷ ᠨᠡᠮᠡᠭᠳᠡᠭᠦᠯᠵᠦ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠶᠢ 27 %᠎ ᠪᠠᠷ ᠨᠡᠮᠡᠭᠳᠡᠭᠦᠯᠳᠡᠭ ᠪᠠᠶᠢᠨ᠎ᠠ᠃
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号