︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠲᠤᠬᠠᠢ ᠪᠣᠳᠣᠯᠭ᠎ᠠ ᠶᠢᠨ ᠠᠷᠭ᠎ᠠ︾᠎ ᠶᠢ ᠰᠦᠯᠵᠢᠶᠡᠨ ᠳᠤ ᠭᠠᠷᠭᠠᠪᠠ
ᠨᠡᠶᠢᠲᠡᠯᠡᠭᠰᠡᠨ ᠴᠠᠭ᠄
2024/10/17
     ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ︽ᠬᠠᠤᠯᠢ ᠳᠤ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠬᠦ ᠲᠤᠬᠠᠢ ᠲᠣᠭᠲᠠᠭᠠᠯ︾᠎ ᠢ ᠪᠠᠲᠤᠯᠠᠪᠠ᠃            ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠦᠯᠵᠢᠶ᠎ᠡ᠂ ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠪᠥᠬᠦ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ᠂ ᠭᠠᠷ ᠤᠲᠠᠰᠤᠨ ᠤ 12333 App ᠵᠡᠷᠭᠡ ᠰᠦᠯᠵᠢᠶᠡᠨ ᠳᠡᠭᠡᠷᠡᠬᠢ ᠠᠰᠠᠭᠤᠨ ᠯᠠᠪᠯᠠᠬᠤ ᠦᠢᠯᠡᠴᠢᠯᠡᠭᠡᠨ ᠤ ᠠᠷᠭ᠎ᠠ ᠵᠠᠮ ᠢᠶᠠᠷ ᠳᠠᠮᠵᠢᠭᠤᠯᠤᠨ᠂ ︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠲᠤᠬᠠᠢ ᠪᠣᠳᠣᠯᠭ᠎ᠠ ᠶᠢᠨ ᠠᠷᠭ᠎ᠠ︾᠎ ᠶᠢᠨ ᠵᠢᠵᠢᠭ ᠫᠷᠣᠭ᠍ᠷᠠᠮ ᠳᠤ ᠣᠷᠣᠵᠤ᠂ ᠲᠣᠰ ᠬᠥᠮᠥᠨ ᠤ ᠮᠡᠳᠡᠭᠡ ᠵᠠᠩᠭᠢ ᠪᠠᠨ ᠪᠢᠴᠢᠵᠦ ᠣᠷᠣᠭᠤᠯᠪᠠᠯ ᠳᠠᠷᠤᠢ ᠠᠰᠠᠭᠤᠨ ᠯᠠᠪᠯᠠᠵᠤ ᠪᠣᠯᠣᠨ᠎ᠠ᠃              ᠪᠠᠰᠠ 12333 ᠠᠰᠠᠭᠤᠨ ᠯᠠᠪᠯᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠤᠲᠠᠰᠤᠳᠠᠵᠤ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠦᠢᠯᠡᠴᠢᠯᠡᠭᠡᠨ ᠤ ᠴᠣᠩᠬᠤᠪᠴᠢ ᠵᠡᠷᠭᠡ ᠰᠦᠯᠵᠢᠶᠡᠨ ᠭᠠᠳᠠᠨᠠᠬᠢ ᠠᠷᠭ᠎ᠠ ᠮᠠᠶ᠋ᠢᠭ ᠢᠶᠠᠷ ᠲᠣᠰ ᠬᠥᠮᠥᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠰᠠᠭᠤᠨ ᠯᠠᠪᠯᠠᠵᠤ ᠪᠣᠯᠣᠨ᠎ᠠ᠃  
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号