ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠦᠭᠡᠷ ᠤᠨ ᠠᠵᠣ ᠦᠢᠯᠡᠰ ᠤᠨ ᠬᠦᠭᠵᠢᠭᠦᠯᠦᠯᠲᠡ ᠶᠢᠨ ᠨᠡᠶᠢᠭᠡᠮᠯᠢᠭ ᠪᠠᠶᠢᠭᠤᠯᠣᠭᠳᠠᠯ᠎ᠠ
ᠨᠡᠶᠢᠲᠡᠯᠡᠭᠰᠡᠨ ᠴᠠᠭ᠄
2024/10/17
    10 ᠰᠠᠷ᠎ᠠ ᠶᠢᠨ 15 ᠤ ᠡᠳᠦᠷ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠦᠭᠡᠷ ᠤᠨ ᠠᠵᠣ ᠦᠢᠯᠡᠰ  ᠤᠨ ᠬᠦᠭᠵᠢᠬᠦᠯᠦᠯᠲᠡ ᠶᠢᠨ ᠨᠡᠶᠢᠭᠡᠮᠯᠢᠭ ᠨᠢ ᠪᠠᠶᠠᠨᠬᠤᠰᠢᠭᠤ ᠰᠣᠮᠣᠨ ᠳᠤ ᠪᠠᠶᠢᠭᠤᠯᠣᠭᠳᠠᠯ᠎ᠠ᠃
    ᠣᠶᠢᠷ᠎ᠠ ᠶᠢᠨ ᠬᠤᠶᠠᠷ ᠵᠢᠯ ᠪᠠᠶᠠᠨᠬᠤᠰᠢᠭᠤ ᠰᠣᠮᠣ ᠨᠢ ᠦᠵᠦᠮᠦᠴᠢᠨ ᠴᠠᠭᠠᠨ ᠦᠭᠡᠷ ᠤᠨ ᠠᠵᠣ ᠦᠢᠯᠡᠰ ᠢ ᠬᠦᠭᠵᠢᠬᠦᠯᠬᠦ ᠲᠠᠯ᠎ᠠ ᠪᠠᠷ ᠪᠣᠳᠠᠳᠠᠢ ᠠᠷᠭ᠎ᠠ ᠬᠡᠮᠵᠢᠶ᠎ᠠ ᠠᠪᠴᠦ᠂ ᠮᠠᠯᠴᠢᠨ ᠡᠷᠦᠭᠡ ᠶᠢ ᠲᠠᠶᠢᠴᠢᠯᠠᠨ ᠲᠠᠭᠠᠭᠤᠯᠬᠤ᠂ ᠪᠡᠭᠡᠵᠢᠩ᠂ ᠱᠠᠩᠬᠠᠢ᠂ ᠵᠧᠩᠵᠸᠦ ᠬᠢᠭᠡᠳ ᠦᠪᠦᠷ ᠮᠣᠩᠭᠤᠯ ᠣᠷᠣᠨ ᠤ ᠲᠣᠳᠣᠷᠠᠬᠢ ᠠᠵᠣ ᠠᠬᠤᠶᠢᠯᠠᠯ ᠲᠠᠢ ᠬᠠᠮᠳᠣᠷᠠᠨ ᠪᠦᠳᠦᠭᠡᠭᠳᠡᠬᠦᠨ ᠢᠶᠠᠨ ᠭᠠᠳᠠᠭᠰᠢ ᠲᠠᠨᠢᠯᠴᠠᠭᠤᠯᠬᠤ᠂ ᠦᠭᠡᠷ ᠤᠨ ᠮᠢᠬ᠎ᠠ ᠶᠢ ᠦᠷᠯᠦᠭᠡ ᠶᠢᠨ ᠬᠤᠭᠤᠯᠠᠨ  ᠤ ᠢᠳᠡᠭᠡᠨ ᠣᠮᠳᠠᠭᠠᠨ ᠤ ᠵᠠᠬ᠎ᠠ ᠳᠤ ᠣᠷᠣᠭᠤᠯᠬᠤ᠂ ᠬᠠᠳᠠᠭᠠᠭᠰᠠᠨ ᠪᠣᠷᠴᠠ ᠬᠢᠬᠦ᠂ ᠬᠠᠯᠠᠭᠤᠨ ᠲᠣᠭᠤᠭᠠᠨ ᠤ ᠢᠳᠡᠭᠡᠨ ᠤ ᠵᠠᠬ᠎ᠠ ᠳᠤ ᠣᠷᠣᠭᠤᠯᠬᠤ᠂ ᠦᠭᠡᠷ ᠤᠨ ᠡᠯ᠎ᠡ ᠬᠡᠰᠡᠭ ᠤᠨ ᠮᠢᠬ᠎ᠠ ᠶᠢ ᠨᠠᠷᠢᠯᠢᠭ ᠡᠳ᠋ᠰᠢᠬᠦᠯᠦᠨ ᠪᠣᠷᠣᠯᠠᠭᠤᠯᠬᠤ ᠵᠡᠷᠭᠡ ᠪᠣᠳᠠᠳᠠᠢ ᠠᠷᠭ᠎ᠠ ᠬᠡᠮᠵᠢᠶ᠎ᠠ ᠨᠦᠭᠦᠳ ᠢ ᠠᠪᠴᠦ᠂ ᠴᠠᠭᠠᠨ ᠦᠭᠡᠷ ᠤᠨ ᠠᠵᠣ ᠦᠢᠯᠡᠰ ᠤᠨ ᠬᠦᠭᠵᠢᠯᠲᠡ ᠶᠢᠨ ᠲᠡᠰ ᠲᠠᠪᠰᠢᠬᠦᠯᠬᠦ ᠶᠢ ᠠᠬᠢᠭᠤᠯᠣᠭᠰᠠᠭᠠᠷ ᠢᠷᠡᠭᠰᠡᠨ ᠪᠠᠶᠢᠨ᠎ᠠ᠃
    ᠡᠨᠡ ᠣᠳᠠᠭ᠎ᠠ ᠴᠠᠭᠠᠨ ᠦᠭᠡᠷ ᠤᠨ ᠠᠵᠣ ᠦᠢᠯᠡᠰ ᠤᠨ ᠬᠦᠭᠵᠢᠬᠦᠯᠦᠯᠲᠡ ᠶᠢᠨ ᠨᠡᠶᠢᠭᠡᠮᠯᠢᠭ  ᠪᠠᠶᠢᠭᠤᠯᠣᠭᠳᠠᠭᠰᠠᠨ ᠨᠢ ᠭᠠᠵᠠᠷ ᠣᠷᠣᠨ ᠤ ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ  ᠬᠠᠭᠤᠳᠠᠰᠣ ᠶᠢ ᠪᠢᠴᠢᠭᠯᠡᠵᠦ  ᠴᠠᠭᠠᠨ ᠦᠬᠡᠷ ᠤᠨ ᠠᠵᠤ ᠦᠢᠯᠡᠰ ᠤᠨ ᠬᠥᠭᠵᠢᠯ ᠪᠠᠳᠠᠷᠠᠯ ᠳᠤ ᠰᠢᠨ᠎ᠡ ᠠᠮᠢᠵᠢᠷᠠᠯ ᠤᠨ ᠬᠦᠴᠦᠨ ᠣᠯᠭᠤᠭᠰᠠᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠦᠬᠡᠷ ᠤᠨ ᠠᠵᠤ ᠦᠢᠯᠡᠰ ᠤᠨ ᠨᠡᠶᠢᠭᠡᠮᠯᠢᠭ ᠪᠠᠶᠢᠭᠤᠯᠤᠭᠳᠠᠭᠰᠠᠨ ᠨᠢ ᠭᠠᠵᠠᠷ ᠣᠷᠣᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠴᠠᠭᠠᠨ ᠦᠬᠡᠷ ᠤᠨ ᠠᠵᠤ ᠦᠢᠯᠡᠰ ᠤᠨ ᠪᠦᠬᠦᠯᠢ ᠴᠣᠭᠴᠠ ᠶᠢᠨ ᠥᠷᠢᠰᠦᠯᠳᠦᠬᠦ ᠬᠦᠴᠦᠨ ᠢ ᠲᠡᠭᠡᠭᠰᠢᠯᠡᠬᠦᠯᠦᠭᠰᠡᠨ ᠣᠴᠢᠷ ᠶᠤᠮ᠃    ᠣᠳᠣᠬᠠᠨ ᠳᠤ ᠨᠡᠶᠢᠭᠡᠮᠯᠢᠭ ᠠᠴᠠ ᠴᠠᠭᠠᠨ ᠦᠬᠡᠷ ᠤᠨ ᠠᠵᠤ ᠦᠢᠯᠡᠰ ᠤᠨ ᠲᠣᠭᠤᠷᠢᠨ ᠳᠤ ᠡᠯ᠎ᠡ ᠵᠦᠢᠯ ᠤᠨ ᠠᠵᠢᠯ ᠢᠶᠠᠨ ᠥᠷᠨᠢᠭᠦᠯᠵᠦ᠂ ᠠᠵᠤ ᠦᠢᠯᠡᠰ ᠤᠨ ᠳᠣᠲᠣᠭᠠᠳᠤ ᠶᠢᠨ ᠨᠡᠪᠲᠡᠷᠡᠯᠴᠡᠬᠦ ᠬᠥᠭᠦᠷᠭᠡ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠠᠰᠠᠭᠤᠳᠠᠯ ᠪᠣᠯᠣᠨ ᠥᠷᠢᠰᠦᠯᠳᠦᠭᠡᠨ ᠢ ᠬᠠᠮᠲᠤᠪᠠᠷ ᠰᠤᠳᠤᠯᠤᠨ ᠰᠢᠢᠳᠪᠦᠷᠢᠯᠡᠵᠦ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ  ᠪᠠᠷ ᠬᠦᠴᠦᠯᠡᠨ ᠴᠢᠷᠮᠠᠶᠢᠵᠤ᠂ ᠠᠵᠢᠯ ᠲᠦᠷᠦᠯ ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠣ᠂ ᠮᠠᠯᠴᠢᠳ ᠤᠨ ᠣᠷᠣᠯᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠠᠵᠢᠯ ᠤᠨ  ᠲᠦᠰᠦᠪ ᠢᠶᠠᠨ ᠪᠣᠯᠪᠠᠰᠣᠷᠠᠭᠤᠯᠣᠨ ᠡᠷᠴᠢᠮ  ᠢᠶᠠᠨ  ᠡᠬᠢᠯᠡᠬᠦᠯᠵᠦ ᠪᠣᠢ᠃    ᠣᠶᠢᠯᠠᠭᠠᠭᠰᠠᠨ ᠢᠶᠠᠷ ᠲᠣᠰ ᠨᠡᠶᠢᠭᠡᠮᠯᠢᠭ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠲᠡᠵᠢᠭᠡᠨ ᠦᠷᠡᠵᠢᠭᠦᠯᠬᠦ ᠮᠡᠷᠭᠡᠵᠢᠯ ᠢ ᠳᠡᠭᠡᠭᠰᠢᠯᠡᠭᠦᠯᠬᠦ᠂ ᠪᠣᠯᠪᠠᠰᠤᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠮᠠᠯᠴᠢᠳ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠲᠡᠭᠡᠭᠰᠢᠯᠡᠬᠦᠯᠵᠦ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠠᠵᠤ ᠦᠢᠯᠡᠰ ᠤᠨ ᠬᠠᠨᠳᠤᠰᠢ ᠶᠢ ᠵᠠᠳᠠᠯᠬᠤ᠂ ᠪᠣᠷᠣᠯᠠᠭᠤᠯᠬᠤ ᠠᠷᠭ᠎ᠠ ᠵᠠᠮ ᠢ ᠪᠠᠶᠢᠭᠤᠯᠵᠤ᠂ ᠦᠢᠯᠡᠳᠬᠦᠨ ᠢ ᠭᠠᠳᠠᠭᠠᠳᠤ ᠳᠤ ᠭᠠᠷᠭᠠᠬᠤ ᠶᠢ  ᠥᠷᠭᠡᠳᠬᠡᠨ᠂  ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠣᠮᠵᠢᠭᠤᠯᠵᠣ᠂ ᠨᠡᠶᠢᠭᠡᠮᠯᠢᠭ ᠤᠨ ᠴᠢᠷᠮᠠᠶᠢᠯᠭ᠎ᠠ ᠪᠠᠷ ᠳᠡᠮᠵᠢᠨ᠂ ᠴᠠᠭᠠᠨ ᠦᠬᠡᠷ  ᠤᠨ ᠠᠵᠤ ᠦᠢᠯᠡᠰ ᠤᠨ ᠴᠢᠨᠠᠷ ᠴᠢᠨᠰᠠᠭ᠎ᠠ ᠪᠠ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠲᠡᠭᠦᠯᠳᠡᠷᠵᠢᠯᠲᠡ ᠪᠠ ᠬᠥᠭᠵᠢᠯᠲᠡ ᠶᠢ ᠠᠬᠢᠭᠤᠯᠬᠤ ᠪᠣᠯᠣᠨ᠎ᠠ᠃ ᠨᠡᠶᠢᠭᠡᠮᠯᠢᠭ ᠠᠴᠠ ᠡᠭᠦᠨ ᠢᠶᠠᠷ ᠠᠵᠠ ᠲᠣᠬᠢᠶᠠᠯ ᠪᠣᠯᠭᠠᠵᠤ᠂ ᠠᠵᠢᠯ ᠢᠶᠠᠨ ᠢᠳᠡᠪᠬᠢᠲᠡᠢ ᠥᠷᠨᠢᠭᠦᠯᠵᠦ᠂ ᠴᠠᠭᠠᠨ ᠦᠬᠡᠷ ᠤᠨ ᠠᠵᠤ ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠠᠮᠲᠤ᠂ ᠪᠠᠰᠠ ᠬᠠᠮᠢᠶ᠎ᠠ ᠪᠦᠬᠦᠢ ᠠᠵᠢᠯ ᠲᠥᠷᠥᠯ ᠯᠦᠭᠡ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠡᠷᠢᠭᠦᠨ ᠤ ᠮᠡᠷᠭᠡᠵᠢᠯ ᠪᠠ ᠬᠠᠮᠢᠶᠠᠷᠤᠯᠲᠠ ᠶᠢᠨ ᠲᠤᠷᠰᠢᠯᠭ᠎ᠠ ᠶᠢ ᠣᠷᠣᠭᠤᠯᠤᠨ ᠠᠪᠴᠢᠷᠠᠵᠤ᠂ ᠴᠠᠭᠠᠨ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠪᠣᠯᠣᠨ᠎ᠠ᠃
   ᠦᠵᠦᠮᠦᠴᠢᠨ ᠴᠠᠭᠠᠨ ᠦᠭᠡᠷ ᠤᠨ ᠠᠵᠣ ᠦᠢᠯᠡᠰ ᠤᠨ ᠬᠦᠭᠵᠢᠭᠦᠯᠦᠯᠲᠡ ᠶᠢᠨ ᠨᠡᠶᠢᠭᠡᠮᠯᠢᠭ  ᠪᠠᠶᠢᠭᠤᠯᠣᠭᠳᠠᠭᠰᠠᠨ ᠨᠢ ᠮᠠᠨ ᠤ ᠬᠤᠰᠢᠭᠤᠨ ᠤ ᠦᠭᠡᠷ ᠤᠨ ᠠᠵᠣ ᠦᠢᠯᠡᠰ ᠤᠨ ᠴᠢᠨᠠᠷᠯᠢᠭ ᠰᠠᠶᠢᠨ ᠬᠦᠭᠵᠢᠯᠲᠠ  ᠶᠢᠨ ᠪᠠᠰᠠ ᠨᠢᠭᠡᠨ ᠣᠷᠣᠭᠰᠢᠯᠠᠯᠲᠠ ᠶᠢᠨ ᠰᠢᠨ᠎ᠡ ᠠᠯᠬᠤᠮ ᠪᠣᠯᠣᠭᠰᠠᠨ ᠪᠦᠭᠡᠳ᠂ ᠦᠭᠡᠷ ᠤᠨ ᠠᠵᠣ ᠦᠢᠯᠡᠰ ᠢ ᠡᠷᠴᠢᠮᠳᠠᠢ ᠰᠠᠶᠢᠨ ᠠᠳᠬᠤᠬᠤ᠂  ᠰᠣᠮᠣ  ᠪᠠᠯᠭᠠᠰᠣᠨ ᠤ ᠬᠡᠪᠴᠢᠶᠠᠨ ᠠᠴᠠ ᠪᠦᠬᠦ ᠬᠤᠰᠢᠭᠤᠨ ᠤ ᠬᠡᠪᠴᠢᠶᠠᠨ ᠳᠤ ᠲᠦᠯᠬᠢᠨ ᠠᠬᠢᠭᠤᠯᠬᠤ᠂ ᠭᠠᠳᠠᠨᠠᠬᠢ ᠠᠵᠣ ᠠᠬᠤᠶᠢᠯᠠᠯ ᠲᠠᠢ ᠬᠠᠮᠳᠣᠷᠠᠨ ᠦᠵᠦᠮᠦᠴᠢᠨ ᠴᠠᠭᠠᠨ ᠦᠭᠡᠷ ᠤᠨ ᠮᠢᠬᠠᠨ  ᠤ  ᠥᠷᠭᠡᠨ ᠶᠡᠭᠡ ᠵᠠᠬ᠎ᠠ ᠲᠡᠯᠭᠡᠭᠦᠷ ᠲᠤ ᠬᠠᠨᠳᠣᠬᠤ ᠶᠢ ᠠᠬᠢᠭᠤᠯᠬᠤ ᠴᠢᠬᠤᠯᠠ ᠨᠢᠭᠡᠨ ᠠᠯᠬᠤᠮ ᠪᠣᠯᠣᠭᠰᠠᠨ ᠪᠠᠶᠢᠨ᠎ᠠ     ᠮᠠᠨ ᠤ ᠵᠢᠤᠢ ᠪᠣᠣ ᠶᠣᠸᠠᠨ ᠮᠢᠬᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠦᠬᠡᠷ ᠤᠨ ᠠᠵᠤ ᠦᠢᠯᠡᠰ ᠤᠨ ᠨᠢᠭᠡᠨ ᠭᠡᠰᠢᠭᠦᠨ ᠪᠣᠯᠣᠭᠰᠠᠨ ᠤ ᠬᠤᠪᠢ ᠳᠤ᠂ ᠴᠠᠭᠠᠨ ᠦᠬᠡᠷ ᠤᠨ ᠠᠵᠤ ᠦᠢᠯᠡᠰ ᠤᠨ ᠡᠷᠡᠭᠦᠯ ᠬᠥᠭᠵᠢᠯᠲᠡ ᠶᠢ ᠠᠬᠢᠭᠤᠯᠬᠤ ᠶᠢᠨ ᠲᠤᠰᠠᠳᠠ ᠬᠦᠴᠦᠯᠡᠨ ᠴᠢᠷᠮᠠᠶᠢᠨ᠎ᠠ᠃ ᠲᠡᠵᠢᠭᠡᠨ ᠦᠷᠡᠵᠢᠭᠦᠯᠬᠦ ᠪᠠᠷᠢᠮᠵᠢᠶ᠎ᠠ᠂ ᠦᠢᠯᠡᠳᠬᠦᠨ ᠤ ᠪᠠᠷᠢᠮᠵᠢᠶ᠎ᠠ᠂ ᠵᠠᠬ᠎ᠠ ᠳᠡᠯᠭᠡᠭᠦᠷ ᠲᠠᠢ ᠵᠣᠯᠭᠠᠭᠤᠯᠬᠤ ᠲᠠᠯ᠎ᠠ ᠪᠠᠷ ᠨᠡᠶᠢᠭᠡᠮᠯᠢᠭ ᠲᠠᠢ ᠬᠠᠪᠰᠤᠷᠤᠯᠴᠠᠨ᠂ ᠠᠵᠤ ᠠᠬᠤᠶᠢᠯᠠᠯ ᠤᠨ ᠦᠢᠯᠡᠳᠦᠯ ᠢᠶᠠᠨ ᠪᠠᠳᠠᠷᠠᠭᠤᠯᠤᠨ᠎ᠠ᠃  ᠡᠶᠢᠮᠦ ᠰᠠᠶᠢᠨ ᠨᠦᠭᠦᠴᠡᠯ ᠳᠣᠣᠷ᠎ᠠ᠂ ᠦᠬᠡᠷ ᠢ ᠨᠠᠷᠢᠯᠢᠭ ᠠᠷᠠᠴᠢᠯᠠᠨ ᠮᠠᠯᠵᠢᠵᠤ᠂ ᠦᠢᠯᠡᠳᠬᠦᠨ ᠢ ᠰᠠᠶᠢᠲᠤᠷ ᠡᠳ᠋ᠰᠢᠭᠦᠯᠦᠨ ᠪᠣᠯᠪᠠᠰᠤᠷᠠᠭᠤᠯᠪᠠᠯ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠦᠬᠡᠷ  ᠤᠨ ᠠᠵᠤ ᠦᠢᠯᠡᠰ ᠨᠢ ᠯᠠᠪᠲᠠᠢ ᠰᠠᠶᠢᠨ ᠬᠥᠭᠵᠢᠯᠲᠡ ᠲᠠᠢ ᠪᠣᠯᠵᠤ ᠴᠢᠳᠠᠨ᠎ᠠ ᠭᠡᠳᠡᠭ ᠲᠤ ᠢᠲᠡᠭᠡᠵᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号