ᠪᠦᠦ ᠯᠢᠨ ᠪᠥᠬᠦ ᠬᠤᠰᠢᠭᠤᠨ ᠤ ᠠᠵᠤ ᠦᠢᠯᠡᠰ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/17
   10 ᠰᠠᠷ᠎ᠠ ᠶᠢᠨ 15 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠦ ᠯᠢᠨ ᠠᠵᠤ ᠦᠢᠯᠡᠰ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
    ᠪᠦᠦ ᠯᠢᠨ ᠵᠢᠭᠠᠵᠤ ᠭᠠᠷᠭᠠᠭᠰᠠᠨ ᠨᠢ᠂ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠪᠣᠯ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠬᠦ ᠶᠢᠨ ᠵᠠᠩᠭᠢᠯᠠᠭ᠎ᠠ ᠪᠠ ᠰᠠᠭᠤᠷᠢ ᠪᠣᠯᠣᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠬᠠᠷᠠᠯᠲᠠ ᠪᠠᠨ ᠲᠣᠭᠲᠠᠭᠠᠵᠤ᠂  ᠬᠦᠴᠢᠷ ᠢ ᠳᠠᠪᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ ᠲᠣᠬᠢᠷᠠᠭᠤᠯᠤᠯᠲᠠ ᠪᠠ ᠦᠢᠯᠡᠴᠢᠯᠡᠭᠡ ᠪᠠᠨ ᠦᠷᠭᠦᠯᠵᠢᠯᠡᠨ ᠴᠢᠩᠭᠠᠳᠬᠠᠵᠤ᠂ ᠲᠥᠷᠥᠯ ᠵᠦᠢᠯ ᠢ ᠦᠷᠭᠦᠯᠵᠢᠯᠡᠨ ᠰᠠᠶᠢᠲᠤᠷ ᠠᠳᠬᠤᠨ᠂ ᠪᠥᠬᠦ ᠬᠤᠰᠢᠭᠤᠨ ᠤ ᠡᠯ᠎ᠡ ᠠᠵᠤ ᠦᠢᠯᠡᠰ ᠤᠨ ᠲᠥᠷᠥᠯ ᠵᠦᠢᠯ ᠤᠨ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠤᠨ ᠪᠣᠳᠠᠲᠤ ᠦᠷ᠎ᠡ ᠪᠦᠲᠦᠮᠵᠢ ᠭᠠᠷᠭᠠᠨ᠂ ᠡᠨᠡ ᠵᠢᠯ ᠤᠨ ᠠᠵᠢᠯ ᠢᠶᠠᠨ ᠰᠠᠶᠢᠲᠤᠷ ᠪᠡᠶᠡᠯᠡᠭᠦᠯᠦᠨ᠂ ᠳᠠᠷᠠᠭ᠎ᠠ ᠵᠢᠯ ᠳᠤ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠵᠡᠢ᠃     ᠪᠦᠦ ᠯᠢᠨ ᠱᠠᠭᠠᠷᠳᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠨᠢ ᠲᠦᠷᠦᠯ ᠵᠦᠢᠯ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ ᠪᠠᠷᠢᠮᠲᠠᠯᠠᠨ᠂ ᠳᠡᠭᠡᠳᠦ ᠱᠠᠲᠤᠨ ᠤ ᠲᠦᠷᠦ ᠶᠢᠨ ᠪᠣᠳᠣᠯᠭ᠎ᠠ᠂ ᠲᠤᠰᠬᠠᠢ ᠲᠥᠯᠦᠪᠵᠢᠭᠦᠯᠭᠡ ᠪᠣᠯᠣᠨ ᠤᠯᠠᠨ ᠲᠦᠮᠡᠨ ᠤ ᠪᠣᠳᠠᠲᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠨᠢᠭᠡ ᠪᠦᠯᠦᠭ ᠪᠣᠳᠠᠲᠠᠢ ᠶᠢ ᠡᠷᠬᠢᠮᠯᠡᠭᠰᠡᠨ ᠮᠥᠷᠲᠡᠭᠡᠨ ᠬᠡᠷᠡᠭᠵᠢᠭᠦᠯᠵᠦ ᠪᠣᠯᠬᠤᠶᠢᠴᠠ ᠠᠵᠤ ᠦᠢᠯᠡᠰ ᠤᠨ ᠲᠦᠷᠦᠯ ᠵᠦᠢᠯ ᠢ ᠴᠢᠭᠯᠡᠯᠲᠦ ᠴᠢᠨᠠᠷᠲᠠᠢ ᠪᠠᠷ ᠡᠮᠬᠢᠯᠡᠨ ᠲᠥᠯᠥᠪᠯᠡᠵᠦ᠂ ᠲᠤᠭ᠎ᠠ ᠬᠡᠮᠵᠢᠶ᠎ᠡ ᠪᠣᠯᠣᠨ ᠬᠡᠪᠴᠢᠶ᠎ᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠶᠢ ᠪᠠᠲᠤᠯᠠᠬᠤ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠨ᠂ ᠴᠠᠭ ᠢ ᠠᠮᠵᠢᠨ ᠴᠢᠷᠮᠠᠶᠢᠨ ᠠᠵᠢᠯᠯᠠᠵᠤ᠂ ᠠᠵᠤ ᠦᠢᠯᠡᠰ ᠤᠨ ᠲᠦᠷᠦᠯ ᠵᠦᠢᠯ ᠢ ᠠᠬᠢᠭᠤᠯᠬᠤ ᠠᠵᠢᠯ ᠤᠨ ᠶᠠᠰᠤ ᠴᠢᠨᠠᠷ ᠢ ᠪᠠᠲᠤᠯᠠᠵᠤ᠂ ᠪᠦᠬᠦ ᠵᠢᠯ ᠤᠨ ᠠᠵᠢᠯ ᠢᠶᠠᠨ ᠠᠮᠵᠢᠯᠲᠠᠲᠠᠢ ᠪᠡᠶᠡᠯᠡᠭᠦᠯᠬᠦ ᠶᠢᠨ ᠬᠠᠮᠲᠤ᠂ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠰᠤᠳᠤᠯᠤᠨ ᠰᠦᠪᠡᠭᠴᠢᠯᠡᠵᠦ᠂ ᠢᠷᠡᠬᠦ ᠵᠢᠯ ᠵᠢᠴᠢ ᠬᠤᠶᠢᠰᠢᠳᠠ ᠶᠢᠨ ᠬᠡᠳᠦᠨ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠱᠠᠯᠠᠪᠳᠠᠨ ᠲᠣᠭᠲᠠᠭᠠᠬᠤ ᠬᠡᠷᠡᠭᠲᠡᠢ᠃ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠠᠵᠢᠯ  ᠤᠨ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠴᠣ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠤ ᠦᠢᠯᠡᠰ ᠤᠨ ᠲᠦᠷᠦᠯ ᠵᠦᠢᠯ ᠢ ᠠᠬᠢᠭᠤᠯᠬᠤ ᠠᠵᠢᠯ ᠢ ᠥᠨᠳᠥᠷ ᠦᠷ᠎ᠡ ᠪᠦᠲᠦᠮᠵᠢᠲᠡᠢ ᠥᠷᠨᠢᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠢ ᠪᠦᠬᠦ ᠲᠠᠯ᠎ᠠ ᠪᠠᠷ ᠲᠡᠰ ᠳᠡᠪᠰᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃     ᠬᠤᠰᠢᠭᠤ ᠤᠳᠤᠷᠢᠳᠤᠯᠭ᠎ᠠ ᠦ᠋ ᠪᠦᠦ ᠫᠢᠩ᠂ ᠵᠣᠣ ᠭᠦᠸᠧ ᠳ᠋ᠦᠩ᠂ ᠵᠢᠶᠠ ᠶᠦᠩ ᠰᠢᠶᠠ᠂ ᠷᠧᠨ ᠳ᠋ᠧ ᠰᠢᠨ ᠬᠤᠷᠠᠯ ᠳᠤ ᠣᠷᠣᠯᠴᠠᠵᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号