ᠸᠢᠴᠠᠲ ᠤᠨ ᠪᠠᠴᠢᠮ ᠠᠯᠪᠠᠨ ᠵᠠᠷ︕
ᠨᠡᠶᠢᠲᠡᠯᠡᠭᠰᠡᠨ ᠴᠠᠭ᠄
2024/10/17
      ᠸᠢᠴᠠᠲ ᠢᠶᠠᠷ ᠵᠠᠭᠤᠨ ᠲᠦᠮᠡᠨ ᠲᠥᠭᠦᠷᠢᠭ ᠤᠨ ᠲᠣᠭᠠᠴᠠᠭ᠎ᠠ ᠬᠢᠬᠦ ᠶᠢ ᠪᠠᠲᠤᠯᠠᠬᠤ ᠪᠣᠯ ᠳᠤᠭᠤᠢ ᠬᠦᠯᠢᠶᠡᠨ ᠵᠥᠪᠰᠢᠶᠡᠷᠡᠬᠦ ᠮᠥᠷᠲᠡᠭᠡᠨ ᠰᠦᠢᠳᠬᠡᠯ ᠦᠯᠦ ᠬᠤᠷᠢᠶᠠᠬᠤ ᠨᠢᠭᠡ ᠵᠦᠢᠯ ᠤᠨ ᠳᠠᠭᠠᠳᠬᠠᠯ ᠤᠨ ᠦᠢᠯᠡᠴᠢᠯᠡᠭᠡ ᠪᠣᠯᠣᠨ᠎ᠠ᠃ ᠭᠡᠲᠡᠯ᠎ᠡ ᠣᠶᠢᠷ᠎ᠠ ᠶᠢᠨ ᠬᠤᠭᠤᠴᠠᠭᠠᠨ ᠳᠤ ᠵᠠᠷᠢᠮ ᠬᠠᠤᠯᠢ ᠪᠤᠰᠤ ᠡᠲᠡᠭᠡᠳ ᠨᠢ ᠬᠡᠰᠡᠭ ᠬᠡᠷᠡᠭᠯᠡᠭᠴᠢ᠂ ᠢᠯᠠᠩᠭᠤᠶ᠎ᠠ ᠢᠳᠡᠷ ᠥᠲᠡᠯᠦᠭᠡ ᠨᠠᠰᠤᠨ ᠤ ᠬᠥᠮᠥᠰ ᠲᠤ ᠴᠢᠭᠯᠡᠭᠦᠯᠦᠨ᠂ ᠡᠨᠡ ᠬᠦ ᠦᠢᠯᠡᠴᠢᠯᠡᠭᠡ ᠶᠢ ᠰᠠᠶᠢᠨ ᠣᠶᠢᠯᠠᠭᠠᠬᠤ ᠦᠭᠡᠢ ᠪᠠᠶᠢᠭ᠎ᠠ ᠪᠠᠶᠢᠳᠠᠯ ᠢ ᠠᠰᠢᠭᠯᠠᠨ᠂ ︽ᠵᠠᠭᠤᠨ ᠲᠦᠮᠡᠨ ᠲᠥᠭᠦᠷᠢᠭ ᠤᠨ ᠪᠠᠲᠤᠯᠠᠭ᠎ᠠ ᠶᠢᠨ ᠬᠤᠭᠤᠴᠠᠭ᠎ᠠ ᠲᠤᠯᠪᠠᠯ ᠰᠦᠢᠳᠬᠡᠯ ᠲᠤᠰᠢᠶᠠᠵᠤ ᠦᠷᠭᠦᠯᠵᠢᠯᠡᠨ ᠪᠠᠲᠤᠯᠠᠬᠤ ᠴᠢᠬᠤᠯᠠᠲᠠᠢ︾ ᠪᠤᠶᠤ ︽ᠡᠭᠦᠳᠡ ᠪᠠᠨ ᠬᠠᠭᠠᠵᠤ ᠠᠶᠠᠨᠳᠠᠭᠠᠨ ᠰᠦᠢᠳᠬᠡᠯ ᠰᠠᠭᠤᠯᠭᠠᠨ ᠠᠪᠬᠤ︾ ᠭᠡᠬᠦ ᠮᠡᠲᠦ ᠶᠢᠨ ᠰᠢᠯᠲᠠᠭ ᠬᠡᠯᠡᠵᠦ ᠤᠨᠠᠭᠤᠯᠢ ᠭᠠᠷᠭᠠᠨ᠂ ᠮᠡᠬᠡᠯᠡᠯ ᠬᠢᠵᠦ ᠪᠠᠶᠢᠨ᠎ᠠ᠃              ᠸᠢᠴᠠᠲ ᠤᠨ ᠠᠮᠤᠷ ᠲᠦᠪᠰᠢᠨ ᠤ ᠲᠥᠪ ᠠᠴᠠ ᠣᠯᠠᠨ ᠳᠤ᠄ ᠸᠢᠴᠠᠲ ᠢᠶᠠᠷ ᠵᠠᠭᠤᠨ ᠲᠦᠮᠡᠨ ᠲᠥᠭᠦᠷᠢᠭ ᠤᠨ ᠲᠣᠭᠠᠴᠠᠭ᠎ᠠ ᠬᠢᠬᠦ ᠳᠤ ᠰᠦᠢᠳᠬᠡᠯ ᠦᠯᠦ ᠬᠤᠷᠢᠶᠠᠬᠤ ᠶᠢ ᠡᠭᠦᠷᠢᠳᠡ ᠪᠠᠲᠤᠯᠠᠨ᠎ᠠ᠂ ᠵᠦᠪᠭᠡᠨ ᠸᠢᠴᠠᠲ ᠢᠶᠠᠷ ᠲᠣᠭᠠᠴᠠᠭ᠎ᠠ ᠬᠢᠪᠡᠯ ᠪᠣᠯᠴᠢᠬᠠᠨ᠎ᠠ᠃ ︽ᠬᠤᠭᠤᠴᠠᠭ᠎ᠠ ᠨᠢ ᠲᠤᠯᠤᠭᠰᠠᠨ︾ ︽ᠬᠤᠭᠤᠴᠠᠭ᠎ᠠ ᠨᠢ ᠥᠩᠭᠡᠷᠡᠭᠰᠡᠨ︾ ᠭᠡᠬᠦ ᠮᠡᠲᠦ ᠶᠢᠨ ᠬᠡᠯᠡᠯᠭᠡ ᠪᠠᠶᠢᠬᠤ ᠦᠭᠡᠢ᠂ ︽ᠰᠦᠢᠳᠬᠡᠯ ᠲᠤᠰᠢᠶᠠᠵᠤ ᠦᠷᠭᠦᠯᠵᠢᠯᠡᠨ ᠪᠠᠲᠤᠯᠠᠬᠤ︾ ᠶᠢ ᠱᠠᠭᠠᠷᠳᠠᠬᠤ ᠦᠭᠡᠢ ᠪᠥᠭᠡᠳ ᠨᠠᠩ ᠴᠤ ᠢᠲᠡᠭᠡᠮᠵᠢ ᠣᠯᠬᠤ ᠶᠢ ᠨᠥᠯᠥᠭᠡᠯᠡᠬᠦ ᠦᠭᠡᠢ ᠶᠤᠮ᠃ ︽ᠬᠤᠭᠤᠴᠠᠭ᠎ᠠ ᠲᠤᠯᠪᠠᠯ ᠰᠦᠢᠳᠬᠡᠯ ᠲᠤᠰᠢᠶᠠᠵᠤ ᠦᠷᠭᠦᠯᠵᠢᠯᠡᠨ ᠪᠠᠲᠤᠯᠠᠬᠤ᠂ ᠨᠡᠪᠲᠡᠷᠡᠭᠦᠯᠬᠦ ᠳᠤ ᠰᠦᠢᠳᠬᠡᠯ ᠲᠤᠰᠢᠶᠠᠬᠤ᠂ ᠵᠣᠴᠢᠨ ᠤ ᠦᠢᠯᠡᠴᠢᠯᠡᠭᠡ ᠶᠢ ᠬᠠᠪᠰᠤᠷᠤᠨ ᠬᠦᠴᠦᠨ ᠦᠭᠡᠢ ᠪᠣᠯᠭᠠᠬᠤ︾ ᠵᠡᠷᠭᠡ ᠨᠢ ᠴᠥᠮ ᠮᠡᠬᠡᠯᠡᠯ ᠪᠣᠯᠣᠨ᠎ᠠ᠂ ᠪᠢᠲᠡᠭᠡᠢ ᠬᠥᠩᠭᠡᠨ ᠬᠠᠭᠤᠮᠠᠭᠠᠢ ᠪᠠᠷ ᠢᠲᠡᠭᠡᠭᠡᠷᠡᠢ ᠭᠡᠵᠦ ᠰᠠᠨᠠᠭᠤᠯᠪᠠ᠃              ᠡᠭᠦᠨ ᠤ ᠬᠠᠮᠲᠤ᠂ ᠲᠠᠪᠴᠠᠩ ᠨᠢ ᠪᠠᠰᠠ ᠸᠢᠴᠠᠲ ᠢᠶᠠᠷ ᠵᠠᠭᠤᠨ ᠲᠦᠮᠡᠨ ᠲᠥᠭᠦᠷᠢᠭ ᠤᠨ ᠲᠣᠭᠠᠴᠠᠭ᠎ᠠ ᠬᠢᠬᠦ ᠶᠢ ᠪᠠᠲᠤᠯᠠᠬᠤ ᠬᠤᠯᠪᠣᠭᠳᠠᠯ ᠪᠦᠬᠦᠢ ᠨᠢᠭᠤᠷ ᠬᠠᠭᠤᠳᠠᠰᠤᠨ ᠳᠤ ᠮᠡᠬᠡᠯᠡᠯ ᠢ ᠡᠰᠡᠷᠭᠦᠴᠡᠬᠦ ᠰᠠᠨᠠᠭᠤᠯᠤᠮᠵᠢ ᠭᠠᠷᠭᠠᠪᠠ᠂ ᠬᠡᠷᠡᠭᠯᠡᠭᠴᠢᠳ【 ᠬᠡᠷᠡᠭᠯᠡᠭᠴᠢ ᠶᠢᠨ ᠦᠵᠦᠭᠦᠷ - ᠦᠢᠯᠡᠴᠢᠯᠡᠭᠡ - ᠵᠣᠭᠤᠰᠤᠨ ᠪᠣᠭᠴᠣ - ᠬᠡᠷᠡᠭᠯᠡᠭᠴᠢ ᠶᠢᠨ ᠬᠠᠮᠠᠭᠠᠯᠠᠯᠲᠠ - ᠠᠮᠤᠷ ᠲᠦᠪᠰᠢᠨ ᠤ ᠪᠠᠲᠤᠯᠠᠭ᠎ᠠ - ᠵᠠᠭᠤᠨ ᠲᠦᠮᠡᠨ ᠲᠥᠭᠦᠷᠢᠭ ᠤᠨ ᠪᠠᠲᠤᠯᠠᠭ᠎ᠠ 】 ᠪᠠᠷ ᠳᠠᠮᠵᠢᠭᠤᠯᠤᠨ ᠨᠠᠩ ᠣᠯᠠᠨ ᠮᠡᠳᠡᠭᠡ ᠵᠠᠩᠭᠢ ᠶᠢ ᠣᠶᠢᠯᠠᠭᠠᠵᠤ ᠪᠣᠯᠣᠨ᠎ᠠ᠃             ᠸᠢᠴᠠᠲ ᠤᠨ ᠠᠮᠤᠷ ᠲᠦᠪᠰᠢᠨ ᠤ ᠰᠠᠨᠠᠭᠤᠯᠤᠮᠵᠢ᠄            1. ᠬᠡᠷᠡᠭᠯᠡᠭᠴᠢᠳ ᠤᠨ ᠦᠢᠯᠡᠴᠢᠯᠡᠭᠡ ᠶᠢ ᠬᠠᠭᠤᠷᠮᠠᠭᠯᠠᠨ ᠬᠡᠷᠡᠭᠯᠡᠬᠦ ᠮᠡᠬᠡᠯᠡᠯ ᠠᠴᠠ ᠬᠢᠴᠢᠶᠡᠬᠦ ᠬᠡᠷᠡᠭᠲᠡᠢ᠃ ᠸᠢᠴᠠᠲ ᠤᠨ ᠪᠦᠯᠬᠦᠮ FaceTime ᠪᠠᠷ ᠳᠠᠮᠵᠢᠭᠤᠯᠤᠨ ᠬᠡᠷᠡᠭᠯᠡᠭᠴᠢ ᠲᠠᠢ ᠬᠠᠷᠢᠯᠴᠠᠬᠤ ᠦᠭᠡᠢ ᠶᠤᠮ᠂ ᠣᠯᠠᠨ ᠢᠶᠠᠷ ᠢᠶᠠᠨ ᠲᠠᠨᠢᠯ ᠪᠤᠰᠤ ᠤᠲᠠᠰᠤ ᠶᠢ ᠲᠤᠰᠴᠤ᠂ ᠮᠡᠬᠡᠯᠡᠭᠳᠡᠬᠦ ᠠᠴᠠ ᠬᠢᠴᠢᠶᠡᠬᠦ ᠬᠡᠷᠡᠭᠲᠡᠢ᠃            2. ᠴᠢᠬᠤᠯᠠ ᠮᠡᠳᠡᠭᠡ ᠵᠠᠩᠭᠢ ᠪᠠᠨ ᠭᠠᠳᠠᠭᠰᠢ ᠵᠠᠳᠠᠷᠠᠭᠤᠯᠵᠤ ᠪᠤᠯᠬᠤ ᠦᠭᠡᠢ᠃ ᠳᠠᠩᠰᠠᠨ ᠨᠣᠮᠧᠷ ᠨᠢᠭᠤᠴᠠ ᠨᠣᠮᠧᠷ᠂ ᠰᠢᠯᠭᠠᠨ ᠪᠠᠲᠤᠯᠠᠬᠤ ᠨᠣᠮᠧᠷ᠂ ᠳᠠᠩᠰᠠ ᠰᠢᠯᠵᠢᠭᠦᠯᠵᠦ ᠵᠣᠭᠤᠰ ᠭᠤᠪᠢᠭᠤᠯᠬᠤ ᠵᠡᠷᠭᠡ ᠬᠤᠯᠪᠣᠭᠳᠠᠬᠤ ᠰᠡᠷᠭᠡᠭ ᠮᠡᠳᠡᠭᠡ ᠵᠠᠩᠭᠢ ᠪᠠᠨ ᠶᠠᠪᠤᠭᠤᠯᠬᠤ ᠳᠤ᠂ ᠡᠷᠬᠡᠪᠰᠢ ᠳᠡᠭᠡᠳᠦ ᠬᠡᠮᠵᠢᠶ᠎ᠡ ᠪᠠᠷ ᠬᠢᠴᠢᠶᠡᠬᠦ ᠬᠡᠷᠡᠭᠲᠡᠢ᠃            3. ᠮᠡᠬᠡᠯᠡᠬᠦ ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠢ ᠳᠤᠨᠢ ᠢᠯᠡᠴᠢᠯᠡᠨ ᠮᠡᠳᠡᠭᠦᠯᠬᠦ ᠬᠡᠷᠡᠭᠲᠡᠢ᠃ ᠬᠡᠷᠪᠡ ᠸᠢᠴᠠᠲ ᠤᠨ ᠲᠠᠪᠴᠠᠩ ᠠᠴᠠ ᠮᠡᠬᠡᠯᠡᠯ ᠤᠨ ᠮᠡᠳᠡᠭᠡ ᠵᠠᠩᠭᠢ ᠶᠢ ᠣᠯᠵᠤ ᠮᠡᠳᠡᠪᠡᠯ᠂ ᠸᠢᠴᠠᠲ ᠤᠨ ᠬᠡᠷᠡᠭᠯᠡᠭᠴᠢ ᠶᠢᠨ ᠦᠵᠦᠭᠦᠷ ᠪᠤᠶᠤ ᠲᠧᠩ ᠰᠢᠶᠦ᠋ᠨ ᠬᠠᠮᠠᠭᠠᠯᠠᠭᠴᠢ ᠶᠢᠨ ᠵᠢᠵᠢᠭ ᠫᠷᠣᠭ᠍ᠷᠠᠮ ᠢᠶᠠᠷ ᠳᠠᠮᠵᠢᠭᠤᠯᠤᠨ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠣᠨ᠎ᠠ᠃
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号