| ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ︽ᠬᠠᠤᠯᠢ ᠳᠤ ᠲᠣᠭᠲᠠᠭᠠᠭᠰᠠᠨ | ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠬᠦ ᠲᠤᠬᠠᠢ | ᠲᠣᠭᠲᠠᠭᠠᠯ︾ ᠢ ᠪᠠᠲᠤᠯᠠᠪᠠ᠃ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠦᠯᠵᠢᠶ᠎ᠡ᠂ | ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠪᠥᠬᠦ ᠤᠯᠤᠰ ᠤᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ᠂ ᠭᠠᠷ ᠤᠲᠠᠰᠤᠨ ᠤ 12333 | App ᠵᠡᠷᠭᠡ ᠰᠦᠯᠵᠢᠶᠡᠨ ᠳᠡᠭᠡᠷᠡᠬᠢ ᠠᠰᠠᠭᠤᠨ ᠯᠠᠪᠯᠠᠬᠤ ᠦᠢᠯᠡᠴᠢᠯᠡᠭᠡᠨ ᠤ ᠠᠷᠭ᠎ᠠ ᠵᠠᠮ ᠢᠶᠠᠷ ᠳᠠᠮᠵᠢᠭᠤᠯᠤᠨ᠂ | ︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠲᠤᠬᠠᠢ ᠪᠣᠳᠣᠯᠭ᠎ᠠ ᠶᠢᠨ | ᠠᠷᠭ᠎ᠠ︾ ᠶᠢᠨ ᠵᠢᠵᠢᠭ ᠫᠷᠣᠭ᠍ᠷᠠᠮ ᠳᠤ ᠣᠷᠣᠵᠤ᠂ ᠲᠣᠰ ᠬᠥᠮᠥᠨ ᠤ ᠮᠡᠳᠡᠭᠡ ᠵᠠᠩᠭᠢ ᠪᠠᠨ ᠪᠢᠴᠢᠵᠦ ᠣᠷᠣᠭᠤᠯᠪᠠᠯ | ᠳᠠᠷᠤᠢ ᠠᠰᠠᠭᠤᠨ ᠯᠠᠪᠯᠠᠵᠤ ᠪᠣᠯᠣᠨ᠎ᠠ᠃ | ᠪᠠᠰᠠ 12333 ᠠᠰᠠᠭᠤᠨ ᠯᠠᠪᠯᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠤᠲᠠᠰᠤᠳᠠᠵᠤ᠂ | ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠦᠢᠯᠡᠴᠢᠯᠡᠭᠡᠨ ᠤ ᠴᠣᠩᠬᠤᠪᠴᠢ ᠵᠡᠷᠭᠡ | ᠰᠦᠯᠵᠢᠶᠡᠨ ᠭᠠᠳᠠᠨᠠᠬᠢ ᠠᠷᠭ᠎ᠠ ᠮᠠᠶ᠋ᠢᠭ ᠢᠶᠠᠷ ᠲᠣᠰ ᠬᠥᠮᠥᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ | ᠠᠮᠠᠷᠠᠬᠤ ᠨᠠᠰᠤ ᠶᠢ ᠠᠰᠠᠭᠤᠨ ᠯᠠᠪᠯᠠᠵᠤ ᠪᠣᠯᠣᠨ᠎ᠠ᠃ |