ᠵᠢᠷ ᠤᠨ ᠭᠤᠤᠯ ᠪᠠᠯᠭᠠᠰᠤᠨ ᠤ ᠬᠥᠬᠡᠰᠢᠯᠢ ᠭᠠᠴᠠᠭ᠎ᠠ ᠮᠠᠯᠴᠢᠳ ᠲᠤ ᠦᠨᠡᠨᠬᠦ ᠠᠰᠢᠭ ᠲᠤᠰᠠ ᠬᠦᠷᠳᠡᠭᠡᠪᠡ
ᠨᠡᠶᠢᠲᠡᠯᠡᠭᠰᠡᠨ ᠴᠠᠭ᠄
2024/10/17
    ︽ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠨᠠᠮᠤᠷ ᠤᠨ ᠤᠯᠠᠷᠢᠯ ᠤᠨ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠰᠠᠶᠢᠲᠤᠷ ᠬᠢᠬᠦ ᠲᠤᠬᠠᠢ ᠠᠯᠪᠠᠨ ᠵᠠᠷ︾ ᠤᠨ ᠱᠠᠭᠠᠷᠳᠠᠯᠭ᠎ᠠ ᠪᠠ ᠦᠪᠡᠷᠳᠡᠭᠡᠨ ᠵᠠᠰᠠᠬᠤ ᠤᠷᠤᠨ ᠤ ︽ᠲᠤᠯᠠᠭᠠᠯᠠᠭ᠎ᠠ ᠶᠢᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠦᠨ᠂ ᠮᠠᠯᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠪᠠ ᠮᠠᠯ ᠲᠡᠵᠢᠭᠡᠪᠦᠷᠢ ᠶᠢᠨ ᠡᠪᠦᠯ ᠤᠨ ᠤᠯᠠᠷᠢᠯ ᠤᠨ ᠮᠡᠠᠳᠦ ᠤᠠᠳᠤᠷᠤᠯᠭ᠎ᠠ ᠵᠢᠴᠢ ᠬᠠᠪᠤᠷ ᠤᠨ ᠤᠯᠠᠷᠢᠯ ᠤᠨ ᠪᠡᠯᠴᠢᠭᠡᠷ ᠰᠡᠯᠬᠦᠬᠦ ᠬᠤᠭᠤᠴᠠᠭᠠᠨ ᠳᠠᠬᠢ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠤᠰᠠᠳᠠ ᠂ ᠣᠶᠢᠷ᠎ᠠ ᠳᠤ᠂ ᠵᠢᠷ ᠤᠨ ᠭᠤᠤᠯ ᠪᠠᠯᠭᠠᠰᠤᠨ ᠤ ᠬᠥᠬᠡᠰᠢᠯᠢ ᠭᠠᠴᠠᠭ᠎ᠠ ᠬᠠᠮᠳᠤ ᠶᠢᠨ ᠬᠠᠳᠤᠯᠠᠩ ᠤᠨ ᠡᠪᠡᠰᠦ ᠬᠠᠳᠤᠵᠤ ᠪᠤᠭᠤᠳᠠᠯᠯᠠᠨ ᠬᠤᠪᠢᠶᠠᠷᠢᠯᠠᠬᠤ ᠪᠠ ᠡᠪᠦᠯ ᠤᠨ ᠤᠯᠠᠷᠢᠯ ᠤᠨ ᠬᠢᠮᠳᠠ ᠨᠡᠭᠦᠷᠡᠰᠦ ᠲᠠᠷᠬᠠᠭᠠᠬᠤ ᠠᠵᠢᠯ ᠢ ᠡᠷᠴᠢᠮᠳᠠᠢ ᠶᠠᠪᠤᠭᠳᠠᠭᠤᠯᠵᠠᠢ᠃     2024 ᠣᠨ ᠳᠤ ᠬᠥᠬᠡᠰᠢᠯᠢ ᠭᠠᠴᠠᠭ᠎ᠠ ᠨᠢ ᠬᠠᠮᠲᠤ ᠶᠢᠨ ᠬᠠᠳᠤᠯᠠᠩ ᠲᠤ ᠨᠡᠶᠢᠲᠡ 69.15 ᠲᠣᠨ ᠨᠦᠬᠡᠴᠡ ᠡᠪᠡᠰᠦ ᠬᠠᠳᠤᠵᠤ ᠪᠤᠭᠤᠳᠠᠯᠯᠠᠨ᠂ ᠵᠠᠬ᠎ᠠ ᠳᠡᠯᠭᠡᠭᠦᠷ ᠤᠨ ᠦᠨ᠎ᠡ ᠠᠴᠠ ᠳᠣᠣᠷ᠎ᠠ ᠬᠠᠩᠰᠢ ᠪᠠᠷ ᠭᠠᠴᠠᠭᠠᠨ ᠤ ᠪᠠᠶᠢᠩᠭᠤ ᠰᠠᠭᠤᠷᠢᠰᠢᠭ᠎ᠠ 46 ᠮᠠᠯᠵᠢᠬᠤ ᠡᠷᠦᠬᠡ ᠳᠤ ᠬᠤᠪᠢᠶᠠᠷᠢᠯᠠᠵᠤ᠂ ᠮᠠᠯᠵᠢᠬᠤ ᠡᠷᠦᠬᠡ ᠶᠢᠨ ᠡᠪᠡᠰᠦ ᠬᠤᠳᠠᠯᠳᠤᠨ ᠠᠪᠬᠤ ᠪᠡᠯᠡ ᠮᠦᠩᠭᠦ ᠶᠢ ᠵᠤᠬᠢᠬᠤ ᠬᠡᠮᠵᠢᠶ᠎ᠡ ᠪᠠᠷ ᠠᠷᠪᠢᠯᠠᠨ ᠦᠭᠴᠦ᠂ ᠡᠪᠦᠯ ᠤᠨ ᠤᠯᠠᠷᠢᠯ ᠤᠨ ᠮᠠᠯ ᠲᠡᠵᠢᠭᠡᠪᠦᠷᠢ ᠶᠢᠨ ᠮᠡᠡᠳᠦ ᠤᠠᠳᠤᠷᠤᠯᠭ᠎ᠠ ᠪᠠ ᠢᠷᠡᠬᠦ ᠬᠠᠪᠤᠷ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠰᠠᠭᠤᠷᠢ ᠪᠠᠲᠤᠯᠠᠭ᠎ᠠ ᠬᠠᠩᠭᠠᠭᠰᠠᠨ ᠮᠦᠷᠳᠡᠭᠡᠨ ᠡᠭᠦᠨ ᠤ ᠲᠠᠭᠠᠤ ᠳᠤ ᠬᠦᠬᠡᠰᠢᠯᠢ ᠭᠠᠴᠠᠭ᠎ᠠ ᠨᠢ 317 ᠲᠤᠨ ᠬᠢᠮᠳᠠ ᠦᠨ᠎ᠡ ᠶᠢᠨ ᠨᠡᠭᠦᠷᠡᠰᠦ ᠶᠢ 145 ᠡᠷᠦᠬᠡ ᠳᠤ ᠬᠤᠪᠢᠶᠠᠷᠢᠯᠠᠨ ᠲᠠᠷᠬᠠᠭᠠᠵᠤ᠂ ᠮᠠᠯᠴᠢᠳ ᠲᠤ ᠦᠨᠡᠨᠬᠦ ᠪᠤᠳᠠᠳᠤ ᠠᠰᠢᠭ ᠬᠦᠷᠳᠡᠭᠡᠨ᠂ ᠮᠠᠯᠴᠢᠳ ᠤᠨ ᠬᠦᠷᠢᠶᠡᠯᠡᠯ ᠢ ᠤᠯᠵᠤ᠂ ᠮᠠᠯᠴᠢᠳ ᠤᠨ ᠵᠤᠯ ᠵᠢᠷᠭᠠᠯᠳᠤ ᠲᠦᠷᠦᠭᠳᠡᠯ᠂ ᠬᠦᠷᠳᠡᠮᠵᠢ ᠶᠢᠨ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠶᠡᠬᠡᠳᠡ ᠨᠡᠮᠡᠭᠳᠡᠭᠦᠯᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号