ᠪᠦᠦ ᠯᠢᠨ ᠱᠦᠵᠢ ᠶᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠲᠣᠬᠢᠷᠠᠭᠤᠯᠪᠠ
ᠨᠡᠶᠢᠲᠡᠯᠡᠭᠰᠡᠨ ᠴᠠᠭ᠄
2024/10/18
    10 ᠰᠠᠷ᠎ᠠ ᠶᠢᠨ 16 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠦ ᠯᠢᠨ᠂ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠠᠬᠢᠭᠤᠯᠵᠤ᠂ ᠣᠶᠢᠷ᠎ᠠ ᠶᠢᠨ ᠬᠤᠭᠤᠴᠠᠭᠠᠨ  ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠪᠦᠦ ᠯᠢᠨ ᠵᠢᠭᠠᠬᠤ ᠳᠠᠭᠠᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶᠠᠨ ᠠᠴᠠ ᠴᠢᠬᠤᠯᠠᠴᠢᠯᠠᠵᠤ ᠪᠠᠶᠢᠭ᠎ᠠ ᠶᠡᠭᠡ ᠶᠠᠪᠤᠳᠠᠯ ᠪᠠᠶᠢᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠡᠷᠬᠡᠪᠰᠢ ᠡᠭᠦᠷᠭᠡᠯᠡᠬᠦ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ᠎ᠠ᠃ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠬᠠᠮᠢᠶ᠎ᠠ ᠪᠦᠬᠦᠢ ᠬᠤᠷᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠰ ᠠᠵᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃     ᠪᠦᠦ ᠯᠢᠨ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ  ᠨᠢ ᠢᠲᠡᠭᠡᠯ ᠵᠣᠷᠢᠭ ᠢᠶᠠᠨ ᠤᠯᠠᠮ ᠴᠢᠨᠠᠭᠰᠢᠳᠠ ᠪᠠᠲᠤᠳᠬᠠᠵᠤ᠂ ᠣᠳᠣᠬᠠᠨ ᠤ ᠡᠯ᠎ᠡ ᠵᠦᠢᠯ ᠤᠨ ᠠᠵᠢᠯ ᠤᠨ ᠢᠶᠠᠨ ᠭᠤᠣᠯᠳᠠᠯᠭ᠎ᠠ ᠶᠢ ᠭᠦᠨᠵᠡᠭᠡᠢ ᠵᠠᠳᠠᠯᠤᠨ ᠰᠤᠳᠤᠯᠵᠤ᠂ ᠳᠠᠪᠠᠭᠤᠯᠢᠭ ᠢᠶᠠᠨ ᠪᠦᠬᠦ ᠲᠠᠯ᠎ᠠ ᠪᠠᠷ ᠪᠠᠳᠠᠷᠠᠭᠤᠯᠤᠨ ᠳᠤᠲᠠᠭᠳᠠᠯ ᠢᠶᠠᠨ ᠨᠥᠬᠦᠪᠦᠷᠢᠯᠡᠵᠦ᠂ ᠣᠳᠣᠬᠢ ᠠᠵᠢᠯ ᠤᠨ ᠢᠶᠠᠨ ᠰᠠᠭᠤᠷᠢᠨ ᠳᠡᠭᠡᠷ᠎ᠡ᠂ ᠨᠠᠷᠢᠨ ᠵᠦᠢᠯᠡᠰ ᠢ ᠭᠦᠨᠵᠡᠭᠡᠢ ᠠᠭᠤᠳᠠᠯᠵᠤ ᠬᠦᠴᠢᠷ ᠢ ᠳᠠᠪᠠᠨ ᠤᠷᠤᠭᠰᠢᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠵᠣᠯᠭᠠᠭᠤᠯᠤᠨ ᠠᠬᠢᠭᠤᠯᠬᠤ ᠬᠡᠷᠡᠭᠲᠡᠢ᠃ ᠥᠪᠡᠷ ᠢ ᠪᠠᠨ ᠪᠠᠶᠢᠴᠠᠭᠠᠨ ᠵᠠᠯᠠᠷᠠᠭᠤᠯᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠳᠡᠭᠡᠳᠦ ᠱᠠᠲᠤᠨ ᠤ ᠬᠢᠨᠠᠨ ᠰᠢᠯᠭᠠᠬᠤ ᠭᠦᠢᠴᠡᠳᠬᠡᠯ ᠲᠤᠭ᠎ᠠ ᠪᠠ ᠬᠤᠯᠪᠣᠭᠳᠠᠯ ᠪᠦᠬᠦᠢ ᠱᠠᠭᠠᠷᠳᠠᠯᠭ᠎ᠠ  ᠲᠠᠢ ᠬᠠᠷᠭᠤᠭᠤᠯᠤᠨ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠡᠨᠡ ᠵᠢᠯ ᠤᠨ ᠰᠢᠯᠭᠠᠨ ᠬᠦᠯᠢᠶᠡᠵᠦ ᠠᠪᠬᠤ ᠳᠤᠮᠳᠠ ᠰᠠᠶᠢᠨ ᠠᠮᠵᠢᠯᠲᠠ ᠪᠦᠲᠦᠮᠵᠢ ᠣᠯᠬᠤ ᠪᠠᠷ ᠴᠢᠷᠮᠠᠶᠢᠵᠤ᠂ ᠪᠣᠳᠠᠲᠠᠢ ᠠᠵᠢᠯ  ᠤᠨ ᠪᠦᠲᠦᠮᠵᠢ ᠪᠠᠷ ᠢᠶᠠᠨ ᠨᠠᠮ ᠪᠠ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠶᠢ ᠲᠤᠰᠢᠶᠠᠬᠤ ᠬᠡᠷᠡᠭᠲᠡᠢ ᠭᠡᠵᠡᠢ᠃     ᠬᠤᠰᠢᠭᠤ ᠤᠳᠤᠷᠢᠳᠤᠯᠭ᠎ᠠ ᠦ᠋ ᠵᠦ᠂ ᠦ᠋ ᠪᠦᠦ ᠫᠢᠩ᠂ ᠷᠧᠨ ᠳ᠋ᠧ ᠰᠢᠨ ᠬᠤᠷᠠᠯ ᠳᠤ  ᠣᠷᠣᠯᠴᠠᠨ᠂ ᠬᠠᠮᠢᠶ᠎ᠠ ᠪᠦᠬᠦᠢ ᠰᠤᠮᠤ ᠪᠠᠯᠭᠠᠰᠤ ᠪᠣᠯᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号