ᠪᠠᠷᠠᠭᠤᠨ ᠦᠵᠦᠮᠦᠴᠢᠨ ᠬᠤᠰᠢᠭᠤᠨ ᠤ ᠰᠣᠩᠭᠤᠨ ᠲᠣᠬᠢᠷᠠᠭᠤᠯᠤᠭᠰᠠᠨ ᠣᠶᠣᠲᠠᠳ ᠤᠨ ᠴᠢᠳᠠᠪᠤᠷᠢ ᠪᠠ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠢ‌‍ᠰᠡᠳᠦᠪᠲᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/10/18
    ᠨᠠᠮ ᠤᠨ ᠲᠥᠪ ᠬᠤᠷᠢᠶᠠᠨ ᠤ ︽ᠵᠠᠯᠠᠭᠤ ᠺᠠᠳ᠋ᠷᠴᠤᠳ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠬᠤ ᠲᠤᠬᠠᠢ ᠰᠠᠨᠠᠯ︾ ᠪᠣᠯᠣᠨ ᠥᠪᠡᠷᠲᠡᠭᠡᠨ ᠵᠠᠰᠠᠬᠤ ᠣᠷᠣᠨ ᠤ ︽ᠠᠷᠭ᠎ᠠ ᠬᠡᠮᠵᠢᠶ᠎ᠡ  ᠨᠦᠭᠦᠳ︾ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠦᠢᠯᠡᠳᠦᠯᠭᠡ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠵᠠᠯᠠᠭᠤ ᠺᠠᠳ᠋ᠷᠴᠤᠳ ᠤᠨ ᠡᠩᠨᠡᠭᠡ ᠶᠢ ᠪᠣᠶ ᠪᠣᠯᠭᠠᠬᠤ ᠶᠢᠨ ᠲᠤᠰᠠᠳᠠ᠂ 10 ᠰᠠᠷ᠎ᠠ  ᠶᠢᠨ 16 ᠤ ᠡᠳᠦᠷ᠂ 2024 ᠣᠨ ᠤ ᠰᠣᠩᠭᠤᠨ ᠲᠣᠬᠢᠷᠠᠭᠤᠯᠤᠭᠰᠠᠨ ᠣᠶᠣᠲᠠᠳ ᠤᠨ ᠴᠢᠳᠠᠪᠤᠷᠢ ᠪᠠ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠬᠤᠰᠢᠭᠤ ᠨᠠᠮ ᠤᠨ ᠬᠤᠷᠢᠶᠠᠨ ᠤ ᠨᠠᠮ  ᠤᠨ ᠰᠤᠷᠭᠠᠭᠤᠯᠢ ᠳᠤ ᠡᠬᠢᠯᠡᠭᠦᠯᠪᠡ᠃ ᠪᠥᠬᠦ ᠬᠤᠰᠢᠭᠤᠨ ᠤ 29 ᠰᠣᠩᠭᠤᠨ ᠲᠣᠬᠢᠷᠠᠭᠤᠯᠤᠭᠰᠠᠨ ᠣᠶᠣᠲᠠᠳ ᠲᠤᠰ 3 ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠳᠤ ᠣᠷᠣᠯᠴᠠᠬᠤ ᠪᠣᠯᠣᠨ᠎ᠠ᠃    ᠰᠤᠷᠤᠯᠭ᠎ᠠ ᠡᠬᠢᠯᠡᠬᠦ ᠶᠣᠰᠣᠯᠠᠯ ᠳᠤ ᠴᠢᠬᠤᠯᠠᠴᠢᠯᠠᠭᠰᠠᠨ ᠨᠢ᠂ ᠪᠣᠯᠪᠠᠰᠤᠷᠠᠯ ᠳᠤ ᠣᠷᠣᠯᠴᠠᠵᠤ ᠪᠠᠶᠢᠭ᠎ᠠ ᠰᠣᠩᠭᠤᠨ ᠲᠣᠬᠢᠷᠠᠭᠤᠯᠤᠭᠰᠠᠨ ᠣᠶᠣᠲᠠᠳ ᠨᠢ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠷᠮᠠᠶᠢᠨ ᠳᠡᠭᠡᠭᠰᠢᠯᠡᠭᠦᠯᠵᠦ᠂ ᠣᠨᠣᠯ ᠤᠨ ᠮᠡᠳᠡᠯᠭᠡ ᠶᠢ ᠡᠵᠡᠮᠰᠢᠨ᠂ ᠬᠠᠷᠠᠯᠲᠠ ᠵᠣᠷᠢᠯᠲᠠ ᠲᠣᠳᠣᠷᠬᠠᠢ ᠪᠠᠷ ᠠᠰᠠᠭᠤᠳᠠᠯ ᠳᠤ ᠴᠢᠭᠯᠡᠭᠦᠯᠦᠨ ᠰᠤᠷᠤᠯᠴᠠᠬᠤ ᠶᠢ  ᠪᠠᠷᠢᠮᠲᠠᠯᠠᠵᠤ᠂ ᠢᠳᠡᠪᠬᠢᠲᠡᠢ ᠰᠡᠳᠬᠢᠨ ᠰᠤᠷᠤᠯᠴᠠᠵᠤ᠂ ᠰᠤᠷᠤᠯᠴᠠᠬᠤ ᠪᠠᠷ ᠳᠠᠮᠵᠢᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠣᠯᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃    ᠲᠤᠰ ᠤᠳᠠᠭᠠᠨ ᠤ ᠪᠣᠯᠪᠠᠰᠤᠷᠠᠯ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ  ᠭᠤᠣᠯᠳᠠᠯᠭ᠎ᠠ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠰᠠᠬᠢᠯᠭ᠎ᠠ ᠪᠠᠲᠤ ᠶᠢᠨ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠪᠠᠴᠢᠮ ᠪᠠᠶᠢᠳᠠᠯ  ᠢ ᠠᠷᠭᠠᠴᠠᠨ ᠰᠢᠢᠳᠪᠦᠷᠢᠯᠡᠬᠦ᠂ ᠨᠠᠵᠠᠭᠠᠢ ᠰᠡᠳᠬᠢᠴᠡ ᠶᠢ ᠵᠠᠯᠠᠷᠠᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠵᠢᠭᠠᠨ ᠰᠤᠷᠭᠠᠯᠲᠠ᠂ ᠲᠣᠭᠤᠷᠢᠨ ᠰᠤᠷᠤᠯᠴᠠᠯᠭ᠎ᠠ᠂ ᠬᠠᠷᠢᠯᠴᠠᠨ ᠦᠢᠯᠡᠳᠦᠯᠴᠡᠬᠦ ᠵᠢᠭᠠᠨ ᠰᠤᠷᠭᠠᠯᠲᠠ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠪᠣᠳᠠᠲᠤ ᠪᠠᠶᠢᠳᠠᠯ ᠳᠤ ᠨᠡᠶᠢᠴᠡᠭᠰᠡᠨ᠂ ᠠᠭᠤᠯᠤᠭᠳᠠᠬᠤᠨ ᠨᠢ ᠪᠠᠶᠠᠯᠢᠭ᠂ ᠰᠢᠨ᠎ᠡ ᠰᠡᠪᠡᠭᠦᠨ ᠠᠷᠭ᠎ᠠ ᠬᠡᠯᠪᠡᠷᠢ ᠪᠦᠬᠦᠢ ᠰᠤᠷᠤᠯᠴᠠᠯᠭ᠎ᠠ ᠪᠠ ᠠᠵᠢᠯᠯᠠᠭ᠎ᠠ ᠶᠢ ᠥᠷᠨᠢᠭᠦᠯᠵᠦ᠂ ᠵᠠᠯᠠᠭᠤ ᠺᠠᠳ᠋ᠷᠴᠤᠳ ᠤᠨ ᠶᠡᠷᠦᠩᠬᠡᠢ ᠬᠡᠪ ᠴᠢᠨᠠᠷ ᠪᠠ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     ᠪᠠᠷᠠᠭᠤᠨ ᠦᠵᠦᠮᠦᠴᠢᠨ ᠬᠤᠰᠢᠭᠤᠨ ᠤ  ᠤᠯᠠᠭᠠᠨᠬᠠᠭᠠᠯᠭ᠎ᠠ ᠰᠤᠮᠤᠨ ᠤ ᠠᠷᠠᠳ ‍ᠤᠨ‌ᠵᠠᠰᠠᠭ ᠤᠨ ᠣᠷᠳᠣᠨ ᠤ ᠨᠢᠭᠡᠳᠦᠭᠡᠷ ᠳᠡᠰ ᠤᠨ ᠭᠡᠰᠢᠭᠦᠴᠢ᠂ ᠪᠠᠶᠠᠨᠴᠠᠶᠢᠳᠠᠮ ᠭᠠᠴᠠᠭᠠᠨ ᠤ ᠨᠠᠮ ᠤᠨ ᠡᠭᠦᠷ ᠤᠨ  ᠱᠦᠵᠢ ᠶᠢᠨ ᠲᠤᠰᠠᠯᠠᠭᠴᠢ : ︽ ᠼᠦᠢ ᠪᠥᠸᠧ ᠶᠠ ᠰᠤᠷᠤᠯᠭ᠎ᠠ ᠡᠬᠢᠯᠡᠬᠦ ᠶᠣᠰᠣᠯᠠᠯ ᠠᠴᠠ ᠲᠤᠰ ᠤᠳᠠᠭᠠᠨ ᠤ ᠪᠣᠯᠪᠠᠰᠤᠷᠠᠯ ᠨᠢ ᠰᠣᠩᠭᠤᠨ ᠲᠣᠬᠢᠷᠠᠭᠤᠯᠤᠭᠰᠠᠨ ᠣᠶᠣᠲᠠᠳ ᠪᠣᠯᠣᠨ ᠵᠠᠯᠠᠭᠤ ᠺᠠᠳ᠋ᠷᠴᠤᠳ ᠤᠨ ᠣᠨᠴᠠᠯᠢᠭ ᠪᠣᠯᠣᠨ ᠬᠤᠶᠢᠰᠢᠳᠠ ᠶᠢᠨ ᠬᠥᠭᠵᠢᠯᠲᠡ  ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠵᠠᠯᠠᠭᠤ ᠺᠠᠳ᠋ᠷᠴᠤᠳ ᠤᠨ ᠬᠢᠴᠢᠶᠡᠯ ᠤᠨ ᠲᠠᠩᠬᠢᠮ᠂ ᠠᠬᠤᠢ ᠲᠠᠯᠠᠪᠠᠢ ᠶᠢᠨ ᠲᠣᠭᠤᠷᠢᠨ ᠰᠤᠷᠤᠯᠴᠠᠯᠭ᠎ᠠ᠂ ᠰᠡᠳᠬᠢᠴᠡ ᠶᠢᠨ ᠬᠢᠴᠢᠶᠡᠯ ᠵᠡᠷᠭᠡ ᠣᠯᠠᠨ ᠵᠦᠢᠯ ᠤᠨ ᠠᠭᠤᠯᠭ᠎ᠠ ᠶᠢ ᠲᠣᠬᠢᠷᠠᠭᠤᠯᠤᠭᠰᠠᠨ ᠢ ᠣᠶᠢᠯᠠᠭᠠᠯ᠎ᠠ᠃ ᠪᠢ ᠭᠠᠴᠠᠭᠠᠨ ᠳᠤ ᠠᠵᠢᠯ ᠡᠭᠦᠷᠭᠡ ᠲᠠᠢ ᠰᠣᠩᠭᠤᠨ ᠲᠣᠬᠢᠷᠠᠭᠤᠯᠤᠭᠰᠠᠨ ᠣᠶᠣᠲᠠᠨ ᠪᠣᠯᠣᠭᠰᠠᠨ ᠤ ᠬᠤᠪᠢ ᠳᠤ᠂ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ ᠦᠢᠯᠡᠳᠦᠯᠭᠡᠵᠢᠭᠦᠯᠵᠦ᠂ ᠵᠠᠯᠠᠭᠤ ᠨᠠᠰᠤᠨ ᠤ ᠬᠦᠴᠦ ᠣᠶᠣᠨ ᠢᠶᠠᠨ ᠪᠠᠳᠠᠷᠠᠭᠤᠯᠤᠨ ᠦᠨᠳᠦᠰᠦᠨ ᠱᠠᠲᠤᠨ ᠤ ᠠᠵᠢᠯ ᠳᠤ ᠴᠢᠷᠮᠠᠶᠢᠨ ᠵᠢᠳᠬᠦᠨ᠎ᠡ︾ ᠭᠡᠯ᠎ᠡ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号