ᠪᠠᠷᠠᠭᠤᠨ ᠦᠵᠦᠮᠦᠴᠢᠨ ᠬᠤᠰᠢᠭᠤ ᠮᠠᠯ ᠤᠨ ᠭᠠᠷᠭᠠᠯᠲᠠ ᠶᠢᠨ ᠠᠵᠢᠯ ᠢ ᠡᠷᠴᠢᠮᠲᠠᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/10/18
    ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠭ᠎ᠠ ᠰᠤᠮᠤᠨ ᠤ ᠪᠠᠶ᠋ᠬᠠᠤᠪᠤᠭ᠎ᠠ ᠭᠠᠴᠠᠭᠠᠨ ᠤ ︽ᠴᠣᠭᠲᠤ︾ ᠠᠮᠢᠳᠤ ᠮᠠᠯ ᠤᠨ ᠠᠷᠠᠯᠵᠢᠶᠠᠨ ᠤ ᠵᠠᠬ᠎ᠠ ᠬᠥᠭᠵᠢᠶᠡᠨᠲᠡᠢ ᠪᠠᠶᠢᠵᠤ᠂ ᠦᠬᠡᠷ ᠮᠣᠷᠢ ᠳᠦᠭᠦᠷᠡᠲᠡᠯ᠎ᠡ ᠲᠡᠭᠡᠭᠡᠭᠰᠡᠨ ᠮᠠᠰᠢᠨ ᠲᠡᠷᠭᠡ ᠤᠯᠠᠰᠢᠷᠠᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ ᠰᠤᠷᠠᠭᠯᠠᠬᠤ ᠪᠠᠷ ᠢᠷᠡᠭᠰᠡᠨ ᠮᠠᠯᠴᠢᠳ ᠪᠤᠯᠤᠨ ᠬᠤᠳᠠᠯᠳᠤᠭᠠᠴᠢᠳ ᠴᠦ ᠠᠷᠪᠢᠳᠴᠦ᠂ ᠡᠬᠦᠨ ᠳᠤ ᠰᠧᠴᠤᠸᠠᠨ᠂ ᠯᠢᠶᠣᠤᠨᠢᠩ᠂ ᠲᠠᠩᠱᠠᠨ ᠵᠡᠷᠭᠡ ᠭᠠᠵᠠᠷ ᠣᠷᠣᠨ ᠡᠴᠠ‌ᠢᠷᠡᠭᠰᠡᠨ ᠬᠤᠳᠠᠯᠳᠤᠭᠠᠴᠢᠳ ᠴᠦ ᠪᠠᠶᠢᠯ᠎ᠠ᠃    ᠰᠤᠶᠤᠯᠳᠤ ᠪᠣᠯ ᠤᠯᠠᠭᠠᠠᠬᠠᠭᠠᠯᠭ᠎ᠠ ᠰᠤᠮᠤᠨ ᠤ ᠠᠷᠤᠬᠤᠰᠢᠭᠤ ᠭᠠᠴᠠᠭᠠᠨ ᠤ ᠮᠠᠯᠴᠢᠨ᠂ ᠥᠨᠥᠳᠥᠷ ᠲᠡᠷᠡ 28 ᠤᠨᠠᠭ᠎ᠠ᠂ ᠠᠷᠪᠠᠭᠠᠳ ᠲᠤᠭᠤᠯ ᠠᠪᠴᠢᠷᠠᠭᠠᠳ᠂ ᠬᠡᠳᠦᠭᠡᠨ ᠴᠠᠭ ᠤᠨ ᠲᠤᠳᠤᠷ᠎ᠠ 5 ᠲᠤᠭᠤᠯ ᠠᠴᠠ ᠪᠤᠰᠤᠳ ᠢ ᠨᠢ ᠪᠦᠬᠦᠨ ᠢ ᠬᠠᠨᠤᠮᠵᠢᠲᠠᠢ ᠦᠨ᠎ᠡ ᠪᠠᠷ ᠬᠤᠳᠠᠯᠳᠤᠭᠰᠠᠨ ᠳᠤ ᠪᠠᠨ ᠰᠡᠳᠬᠢᠯ ᠬᠠᠩᠬᠤᠯᠤᠭᠤᠨ ᠪᠠᠶᠢᠯ᠎ᠠ᠃    ᠤᠳᠤ ᠪᠤᠯ ᠮᠠᠯ ᠤᠨᠤᠭ᠎ᠠ ᠶᠢᠨ ᠭᠠᠷᠭᠠᠯᠲᠠ ᠶᠢᠨ ᠵᠠᠩᠭᠢᠯᠠᠭ᠎ᠠ ᠶᠢᠨ ᠴᠠᠭ ᠦᠶ᠎ᠡ  ᠪᠠᠶᠢᠵᠤ᠂ ᠪᠠᠷᠠᠭᠤᠨ ᠦᠵᠦᠮᠦᠴᠢᠨ ᠬᠤᠰᠢᠭᠤ ᠣᠯᠠᠨ ᠲᠠᠯ᠎ᠠ ᠶᠢᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠬᠦᠯᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠮᠤᠷ ᠤᠨ ᠤᠯᠠᠷᠢᠯ ᠤᠨ ᠮᠠᠯ ᠤᠨ ᠭᠠᠷᠭᠠᠯᠲᠠ ᠶᠢᠨ ᠠᠵᠢᠯ ᠢ ᠪᠥᠬᠦ ᠬᠦᠴᠦᠨ ᠢᠶᠠᠷ  ᠢᠶᠠᠨ ᠰᠠᠶᠢᠲᠤᠷ ᠠᠬᠢᠭᠤᠯᠵᠤ᠂ ᠥᠷᠭᠡᠨ ᠣᠯᠠᠨ ᠮᠠᠯᠴᠢᠳ ᠲᠤ ᠪᠣᠳᠠᠲᠠᠢ ᠠᠰᠢᠭ ᠬᠦᠷᠳᠡᠭᠡᠨ ᠪᠡᠯᠴᠢᠭᠡᠷ ᠤᠨ ᠲᠠᠭᠠᠭᠠᠴᠠ ᠠᠴᠠ ᠬᠡᠳᠦᠷᠡᠬᠦᠯᠦᠨ ᠮᠠᠯᠵᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠠᠷᠭ᠎ᠠ ᠠᠪᠴᠠᠯ ᠪᠤᠯᠭᠠᠵᠤ ᠪᠤᠢ᠃     ᠪᠡᠯᠴᠢᠭᠡᠷ ᠤᠨ ᠲᠠᠭᠠᠭᠠᠴᠠ ᠠᠴᠠ ᠬᠡᠳᠦᠷᠡᠬᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ  ᠪᠦᠲᠦᠮᠵᠢᠲᠡᠶ ᠠᠷᠭ᠎ᠠ ᠬᠡᠮᠵᠢᠶ᠎ᠡ ᠶᠢᠨ ᠨᠢᠭᠡ ᠪᠣᠯᠤᠭᠰᠠᠨ ᠤ ᠬᠤᠪᠢ ᠳᠤ᠂ ᠲᠣᠰ ᠠᠮᠢᠳᠤ ᠮᠠᠯ ᠤᠨ ᠠᠷᠠᠯᠵᠢᠶᠠᠨ ᠤ ᠵᠠᠬ᠎ᠠ ᠨᠢ ᠦᠬᠡᠷ᠂ ᠮᠣᠷᠢ᠂ ᠬᠤᠨᠢᠨ ᠤ ᠠᠷᠠᠯᠵᠢᠶ᠎ᠠ ᠪᠠᠷ ᠭᠤᠣᠯ ᠪᠣᠯᠭᠠᠵᠤ᠂ 2000 ᠣᠷᠴᠢᠮ ᠪᠤᠳᠠ ᠮᠠᠯ ᠢ ᠪᠠᠭᠲᠠᠭᠠᠵᠤ ᠳᠡᠶᠢᠯᠳᠡᠭ᠃ ᠡᠨᠡ ᠵᠢᠯ ᠤᠨ 6 ᠰᠠᠷ᠎ᠠ ᠶᠢᠨ 20 ᠳᠤ ᠠᠵᠢᠯ ᠡᠬᠢᠯᠡᠭᠰᠡᠨ ᠠᠴᠠ ᠨᠠᠰᠢ ᠲᠣᠰ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠣᠲᠣ ᠪᠣᠯᠲᠠᠯ᠎ᠠ 28300 ᠭᠠᠷᠤᠢ ᠲᠣᠯᠣᠭᠠᠢ ᠮᠠᠯ  ᠠᠷᠠᠯᠵᠢᠶᠠᠯᠠᠭᠰᠠᠨ ᠶᠤᠮ᠃    ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠳᠥᠭᠦᠮ ᠳᠥᠲᠡ ᠵᠠᠮ ᠬᠠᠷᠢᠯᠴᠠᠭ᠎ᠠ᠂ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠪᠠᠷ ᠳᠠᠮᠵᠢᠭᠤᠯᠤᠨ᠂ ᠭᠠᠷᠠᠭ ᠤᠨ ᠬᠤᠶᠠᠷ᠂ ᠭᠠᠷᠠᠭ ᠤᠨ ᠲᠦᠷᠪᠡᠨ᠂ ᠭᠠᠷᠠᠭ  ᠤᠨ ᠡᠲᠦᠷ ᠲᠤ ᠴᠢᠨᠠᠷ ᠰᠠᠶᠢᠲᠠᠢ ᠠᠮᠢᠳᠤ ᠮᠠᠯ ᠤᠨ ᠠᠷᠠᠯᠵᠢᠶᠠᠨ ᠤ ᠦᠢᠯᠡᠴᠢᠯᠡᠭᠡ ᠶᠢ ᠬᠠᠩᠭᠠᠵᠤ᠂ ᠮᠠᠯᠴᠢᠨ ᠲᠦᠮᠡᠨ ᠳᠤ ᠦᠷ᠎ᠡ ᠠᠰᠢᠭ ᠥᠨᠳᠥᠷ᠂ ᠥᠪᠡᠷ ᠤᠨ ᠦᠷᠳᠡᠭ ᠳᠣᠣᠷ᠎ᠠ ᠠᠮᠢᠳᠤ ᠮᠠᠯ ᠤᠨ ᠰᠣᠯᠢᠯᠴᠠᠭᠠᠨ ᠤ ᠲᠠᠪᠴᠠᠩ ᠵᠢᠴᠢ ᠢᠯᠡ ᠲᠣᠳᠣ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠴᠠᠭ ᠲᠤᠬᠠᠢ ᠳᠤᠨᠢ ᠣᠶᠢᠯᠠᠭᠠᠭᠤᠯᠵᠤ᠂ ᠮᠠᠯᠴᠢᠳ ᠪᠣᠯᠣᠨ ᠬᠤᠳᠠᠯᠳᠤᠭᠠᠴᠢᠨ ᠤ ᠬᠤᠭᠤᠷᠣᠨᠳᠤ ᠵᠠᠩᠭᠢᠯᠠᠭ᠎ᠠ ᠶᠢᠨ ᠬᠥᠭᠦᠷᠭᠡ ᠬᠤᠯᠪᠤᠭᠠᠰᠤ ᠶᠢᠨ ᠦᠢᠯᠡᠳᠦᠯ ᠢ ᠬᠦᠢᠴᠡᠳ ᠪᠠᠳᠠᠷᠠᠭᠤᠯᠤᠭᠰᠠᠨ ᠪᠠᠶᠢᠨ᠎ᠠ᠃ ᠨᠡᠩ ᠴᠤ ᠮᠠᠯᠴᠢᠳ ᠤᠨ ᠮᠠᠯ ᠤᠨ ᠭᠠᠷᠭᠠᠯᠲᠠ ᠳᠤ ᠤᠯᠠᠨ ᠶᠠᠩᠵᠤ ᠶᠢᠨ ᠪᠣᠷᠤᠯᠠᠭᠤᠯᠭ᠎ᠠ ᠶᠢᠨ ᠠᠷᠭ᠎ᠠ ᠵᠠᠮ ᠬᠠᠩᠭᠠᠵᠤ᠂ ᠮᠠᠯ ᠤᠨ ᠭᠠᠷᠭᠠᠯᠲᠠ ᠳᠤ ᠬᠦᠴᠢᠷ ᠪᠠᠶᠢᠬᠤ ᠠᠰᠠᠭᠤᠳᠠᠯ ᠢ ᠤᠯᠠᠮ ᠴᠢᠨᠠᠭᠰᠢᠳᠠ ᠰᠢᠢᠳᠪᠦᠷᠢᠯᠡᠵᠦ᠂ ᠲᠤᠬᠠᠢ ᠶᠢᠨ ᠭᠠᠵᠠᠷ ᠵᠢᠴᠢ ᠡᠷᠬᠢᠨ ᠲᠣᠭᠤᠷᠢᠨ ᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠠᠬᠢᠭᠤᠯᠵᠤ᠂ ᠮᠠᠯᠴᠢᠳ ᠤᠨ ᠲᠡᠵᠢᠭᠡᠨ ᠦᠷᠡᠵᠢᠭᠦᠯᠬᠦ ᠣᠷᠣᠯᠭ᠎ᠠ ᠶᠢ ᠨᠡᠮᠡᠭᠳᠡᠭᠦᠯᠵᠡᠢ᠃    ᠪᠠᠷᠠᠭᠤᠨ ᠦᠵᠦᠮᠦᠴᠢᠨ ᠬᠤᠰᠢᠭᠤ ᠨᠠᠮᠤᠷ ᠤᠨ ᠤᠯᠠᠷᠢᠯ ᠤᠨ ᠮᠠᠯ ᠤᠨ ᠭᠠᠷᠭᠠᠯᠲᠠ ᠶᠢᠨ ᠠᠵᠢᠯ ᠢ ᠮᠠᠯ ᠰᠦᠷᠦᠭ ᠤᠨ ᠪᠦᠲᠦᠴᠡ ᠶᠢᠨ ᠲᠤᠬᠢᠷᠠᠭᠤᠯᠤᠯᠲᠠ᠂ ᠪᠡᠯᠴᠢᠭᠡᠷ ᠤᠨ ᠲᠠᠷᠤᠭᠠᠰᠤ ᠶᠢ ᠬᠥᠩᠭᠡᠷᠡᠭᠦᠯᠬᠦ ᠪᠦᠲᠦᠮᠵᠢᠲᠡᠶ ᠠᠷᠭ᠎ᠠ ᠪᠠᠷᠢᠯ ᠪᠤᠯᠭᠠᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠮᠠᠯᠴᠢᠳ ᠤᠨ ᠡᠷᠲᠡ ᠭᠠᠷᠭᠠᠬᠤ᠂ ᠢᠯᠡᠭᠦᠦ ᠭᠠᠷᠭᠠᠬᠤ᠂ ᠲᠦᠷᠭᠡᠨ ᠭᠠᠷᠭᠠᠬᠤ ᠶᠢ ᠢᠳᠡᠪᠬᠢᠲᠡᠢ ᠬᠥᠲᠥᠯᠥᠨ ᠵᠢᠯᠤᠭᠤᠳᠴᠤ᠂ ︽ᠤᠨᠳᠤᠷᠤᠬᠤ ᠮᠠᠯ︾ ᠤᠨ ᠲᠤᠭ᠎ᠠ ᠬᠡᠮᠵᠢᠶ᠎ᠡ ᠶᠢ ᠪᠠᠭᠠᠰᠬᠠᠨ᠂ ᠲᠡᠵᠢᠭᠡᠨ ᠠᠷᠠᠴᠢᠯᠠᠬᠤ ᠥᠪᠡᠷ ᠤᠨ ᠥᠷᠲᠡᠭ ᠢ ᠪᠠᠭᠤᠷᠠᠭᠤᠯᠵᠤ ᠪᠤᠢ᠃ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ  ᠤᠨ ᠲᠣᠪᠴᠢᠶ᠎ᠠ ᠠᠶᠤᠯᠭᠦᠢ ᠦᠢᠯᠡᠳᠪᠦᠷᠢᠯᠡᠯ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠭᠠᠨ ᠢᠳᠡᠭᠡᠨ ᠤ ᠵᠠᠬ᠎ᠠ ᠳᠡᠯᠭᠡᠭᠦᠷ ᠤᠨ ᠬᠡᠪ ᠤᠨ ᠠᠵᠢᠯᠯᠠᠭ᠎ᠠ  ᠶᠢ ᠪᠠᠳᠤᠯᠠᠬᠤ ᠶᠢᠨ ᠬᠠᠮᠲᠤ᠂ ᠡᠯ᠎ᠡ ᠰᠤᠮᠤ ᠪᠠᠯᠭᠠᠰᠤ ᠪᠣᠷᠤᠯᠠᠭᠤᠯᠭ᠎ᠠ ᠶᠢᠨ ᠠᠷᠭ᠎ᠠ ᠵᠠᠮ ᠢᠶᠠᠨ ᠢᠳᠡᠪᠬᠢᠲᠡᠢ ᠪᠠᠷ ᠥᠷᠭᠡᠳᠬᠡᠵᠦ᠂ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠵᠣᠬᠢᠴᠠᠭᠤᠯᠤᠨ ᠦᠢᠯᠡᠴᠢᠯᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠪᠣᠷᠤᠯᠠᠭᠤᠯᠭ᠎ᠠ ᠶᠢᠨ ᠠᠵᠢᠯ ᠤᠨ ᠡᠮᠬᠢ ᠵᠢᠷᠤᠮ ᠲᠠᠢ᠂ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠳᠤᠯᠠᠵᠤ ᠪᠤᠢ᠃    ᠣᠳᠣᠬᠠᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠯᠠᠵᠤ ᠨᠢᠲᠤᠯᠵᠤ ᠡᠳ᠋ᠰᠢᠭᠦᠯᠬᠦ 5 ᠠᠵᠤ ᠠᠬᠤᠶᠢᠯᠠᠯ ᠡᠮᠬᠢ ᠵᠢᠷᠤᠮ ᠲᠠᠢ ᠦᠢᠯᠡᠳᠪᠦᠷᠢᠯᠡᠵᠦ᠂ 5 ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠣᠭᠲᠠᠮᠠᠯ ᠬᠤᠭᠤᠴᠠᠭ᠎ᠠ ᠲᠠᠢ ᠪᠠᠷ ᠮᠠᠯ ᠤᠨᠤᠭ᠎ᠠ ᠠᠷᠠᠯᠵᠢᠶᠠᠯᠠᠵᠤ ᠪᠣᠶ᠃ 10 ᠰᠠᠷ᠎ᠠ ᠶᠢᠨ 11 ᠤ ᠡᠳᠦᠷ ᠪᠣᠯᠲᠠᠯ᠎ᠠ᠂ ᠪᠥᠬᠦ ᠬᠤᠰᠢᠭᠤᠨ ᠤ ᠮᠠᠯ ᠤᠨ ᠭᠠᠷᠭᠠᠯᠲᠠ ᠨᠡᠶᠢᠲᠡ 98.58 ᠲᠦᠮᠡ ᠶᠢ ᠡᠳ᠋ᠰᠢᠭᠦᠯᠦᠨ ᠪᠣᠯᠪᠠᠰᠤᠷᠠᠭᠤᠯᠵᠤ᠂ ᠡᠭᠦᠨ ᠳᠤ ᠪᠤᠳᠠ ᠮᠠᠯ 17.64 ᠲᠦᠮᠡ᠂  ᠪᠤᠭ ᠮᠠᠯ  80.94  ᠲᠦᠮᠡ ᠳᠤ ᠬᠦᠷᠴᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号