ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠮᠣᠩᠭᠤᠯ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠪᠠᠶᠢᠩᠭᠤ ᠶᠢᠨ ᠵᠥᠪᠯᠡᠬᠦ ᠠᠵᠢᠯ ᠤᠨ ᠳᠤᠭᠤᠶᠢᠯᠠᠩ ᠤᠨ ᠵᠢᠷᠭᠤᠳᠤᠭᠠᠷ ᠬᠤᠷᠠᠯ ᠬᠤᠷᠠᠯᠳᠤᠪᠠ  ᠶᠠᠩ ᠶᠢᠨ  ᠮᠥᠩᠬᠡᠲᠦ᠋ᠰᠢᠭ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2024/10/21
   10 ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠮᠣᠩᠭᠤᠯ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠪᠠᠶᠢᠩᠭᠤ ᠶᠢᠨ ᠵᠥᠪᠯᠡᠬᠦ ᠠᠵᠢᠯ ᠤᠨ ᠳᠤᠭᠤᠶᠢᠯᠠᠩ ᠤᠨ ᠵᠢᠷᠭᠤᠳᠤᠭᠠᠷ ᠤᠳᠠᠭ᠎ᠠ ᠶᠢᠨ ᠬᠤᠷᠠᠯ ᠭᠦᠭᠡᠬᠤᠲᠠ ᠳᠤ ᠬᠤᠷᠠᠯᠳᠤᠪᠠ᠃    ᠳᠤᠮᠳᠠᠳᠤ ᠤᠯᠤᠰ ᠤᠨ ᠠᠵᠢᠯ ᠤᠨ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ᠂ ᠮᠣᠩᠭᠤᠯ ᠤᠯᠤᠰ ᠤᠨ ᠠᠵᠢᠯ ᠤᠨ ᠳᠤᠭᠤᠶᠢᠯᠠᠩ ᠤᠨ ᠳᠠᠷᠤᠭ᠎ᠠ᠂ ᠮᠣᠩᠭᠤᠯ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠲᠥᠷᠥ ᠶᠢᠨ ᠶᠠᠪᠤᠳᠠᠯ ᠤᠨ ᠨᠠᠷᠢᠨ ᠪᠢᠴᠢᠭᠡᠴᠢ ᠮᠥᠩᠬᠡᠲᠦ᠋ᠰᠢᠭ ᠪᠠᠶᠠᠷ ᠤᠨ ᠦᠭᠡ ᠬᠡᠯᠡᠪᠡ᠃    ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠪᠠᠶᠢᠩᠭᠤ ᠶᠢᠨ ᠵᠥᠪᠯᠡᠬᠦ ᠠᠵᠢᠯ ᠤᠨ ᠳᠤᠭᠤᠶᠢᠯᠠᠩ ᠤᠨ ᠲᠠᠪᠤᠳᠤᠭᠠᠷ ᠤᠳᠠᠭ᠎ᠠ ᠶᠢᠨ ᠬᠤᠷᠠᠯ ᠤᠨ ᠲᠣᠪᠴᠢ ᠲᠡᠮᠳᠡᠭᠯᠡᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳ᠋ᠦᠩᠨᠡᠭᠰᠡᠨ ᠪᠥᠭᠡᠳ ᠠᠵᠤ ᠠᠬᠤᠢ ᠠᠷᠠᠯᠵᠢᠶᠠᠨ ᠤ ᠰᠣᠯᠢᠯᠴᠠᠭ᠎ᠠ᠂ ᠡᠨᠧᠷᠭᠢ ᠶᠢᠨ ᠬᠠᠮᠲᠤᠷᠠᠯᠴᠠᠭ᠎ᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠢᠷᠭᠡᠨᠰᠢᠯ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠬᠤᠯᠪᠣᠯᠳᠤᠨ ᠨᠡᠪᠲᠡᠷᠡᠯᠴᠡᠬᠦ ᠵᠡᠷᠭᠡ ᠲᠠᠯ᠎ᠠ ᠶᠢᠨ ᠬᠠᠮᠲᠤᠷᠠᠯᠴᠠᠭᠠᠨ ᠤ ᠵᠥᠪᠯᠡᠬᠦ ᠰᠡᠳᠦᠪ ᠤᠨ ᠲᠤᠬᠠᠢ ᠰᠠᠨᠠᠯ ᠨᠢᠭᠡᠲᠡᠢ ᠪᠣᠯᠪᠠ᠃ ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠮᠣᠩᠭᠤᠯ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠪᠠᠶᠢᠩᠭᠤ ᠶᠢᠨ ᠵᠥᠪᠯᠡᠬᠦ ᠠᠵᠢᠯ ᠤᠨ ᠳᠤᠭᠤᠶᠢᠯᠠᠩ ᠤᠨ ᠵᠢᠷᠭᠤᠳᠤᠭᠠᠷ ᠬᠤᠷᠠᠯ ᠤᠨ ᠲᠣᠪᠴᠢ ᠲᠡᠮᠳᠡᠭᠯᠡᠯ︾᠎ ᠳᠤ ᠭᠠᠷ ᠤᠨ ᠥᠰᠥᠭ ᠵᠢᠷᠤᠪᠠ᠃
 
ᠢᠷᠡᠯᠲᠡ᠄ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号