ᠡᠨᠡ ᠵᠢᠯ ᠠᠴᠠ ᠨᠠᠭᠠᠰᠢ᠂ ᠮᠠᠨ ᠤ ᠣᠷᠣᠨ ᠤ 12 ᠠᠶᠢᠮᠠᠭ ᠬᠤᠲᠠ ᠶᠢᠨ 90 ᠬᠤᠰᠢᠭᠤ ᠰᠢᠶᠠᠨ ︵ᠬᠤᠲᠠ᠂ | ᠲᠣᠭᠤᠷᠢᠭ︶ ᠠᠳᠠᠯᠢ ᠪᠤᠰᠤ ᠬᠡᠮᠵᠢᠶ᠎ᠡ ᠪᠠᠷ ᠭᠠᠮᠰᠢᠭᠳᠠᠭᠰᠠᠨ ᠪᠣᠯᠬᠤᠷ᠂ ᠥᠪᠡᠷᠲᠡᠭᠡᠨ ᠵᠠᠰᠠᠬᠤ ᠣᠷᠣᠨ ᠤ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠴᠠ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠢᠶᠠᠨ | ᠤᠷᠢᠳᠴᠢᠯᠠᠨ ᠪᠠᠶᠢᠷᠢᠯᠠᠭᠤᠯᠵᠤ᠂ ᠭᠠᠮᠰᠢᠭᠳᠠᠭᠰᠠᠨ ᠣᠯᠠᠨ ᠲᠦᠮᠡᠨ ᠤ ᠠᠮᠤᠷ ᠲᠦᠪᠰᠢᠨ ᠪᠥᠭᠡᠳ ᠳᠤᠯᠠᠭᠠᠬᠠᠨ | ᠡᠪᠦᠯᠵᠢᠬᠦ ᠶᠢ ᠦᠨᠡᠨ ᠬᠦ ᠪᠠᠲᠤᠯᠠᠪᠠ᠃ ᠨᠢᠭᠡ ᠳᠤ᠂ ᠪᠡᠯᠡ ᠮᠥᠩᠭᠦ ᠭᠤᠶᠤᠴᠢᠯᠠᠨ ᠣᠯᠬᠤ ᠪᠠᠷ ᠴᠢᠷᠮᠠᠶᠢᠪᠠ᠂ ᠨᠢᠳᠤᠨᠤᠨ | ᠬᠤᠪᠢᠶᠠᠷᠢᠯᠠᠭᠰᠠᠨ 2.61 ᠳ᠋ᠦᠩᠰᠢᠭᠤᠷ ᠲᠥᠭᠦᠷᠢᠭ ᠤᠨ ᠡᠪᠦᠯ ᠬᠠᠪᠤᠷ ᠤᠨ ᠠᠪᠤᠷᠠᠨ ᠲᠤᠰᠠᠯᠠᠬᠤ ᠪᠡᠯᠡ | ᠮᠥᠩᠭᠦ ᠶᠢᠨ ᠰᠠᠭᠤᠷᠢᠨ ᠳᠡᠭᠡᠷ᠎ᠡ᠂ ᠮᠠᠨ ᠤ ᠣᠷᠣᠨ ᠲᠡᠶᠢᠰᠢ ᠦᠷᠭᠦᠯᠵᠢᠯᠡᠨ ᠬᠡᠯᠪᠡᠶᠢᠯᠭᠡᠬᠦ ᠪᠠᠷ ᠪᠠᠴᠢᠮ ᠪᠠᠶᠢᠳᠠᠯ ᠢ | ᠠᠷᠭᠠᠴᠠᠭᠠᠬᠤ ᠶᠠᠮᠤᠨ ᠳᠤ ᠭᠤᠶᠤᠴᠢᠯᠠᠵᠠᠢ᠃ ᠬᠤᠶᠠᠷ ᠲᠤ᠂ ᠤᠷᠢᠳᠴᠢᠯᠠᠨ ᠪᠠᠶᠢᠷᠢᠯᠠᠭᠤᠯᠪᠠ᠂ 9 ᠳ᠋ᠦ᠋ᠭᠡᠷ ᠰᠠᠷ᠎ᠠ ᠶᠢᠨ | ᠳᠤᠮᠳᠠᠴᠢ ᠠᠴᠠ ᠡᠬᠢᠯᠡᠨ ᠦᠨᠳᠦᠰᠦᠨ ᠱᠠᠲᠤᠨ ᠤ ᠠᠪᠤᠷᠠᠨ ᠲᠤᠰᠠᠯᠠᠭᠤᠯᠬᠤ ᠭᠤᠶᠤᠴᠢᠯᠠᠯ ᠮᠡᠳᠡᠭᠦᠯᠬᠦ ᠪᠠ ᠬᠢᠨᠠᠨ | ᠵᠥᠪᠰᠢᠶᠡᠷᠡᠭᠦᠯᠬᠦ ᠠᠵᠢᠯ ᠢ ᠰᠢᠪᠠᠳᠠᠨ ᠵᠢᠯᠤᠭᠤᠳᠴᠤ᠂ ᠡᠪᠦᠯ ᠬᠠᠪᠤᠷ ᠢᠶᠠᠷ ᠠᠪᠤᠷᠠᠨ ᠲᠤᠰᠠᠯᠠᠭᠤᠯᠬᠤ ᠴᠢᠬᠤᠯᠠᠲᠠᠢ | ᠡᠲᠡᠭᠡᠳ ᠢ ᠣᠨᠣᠪᠴᠢᠲᠠᠶ ᠮᠠᠭᠠᠳᠯᠠᠵᠠᠢ᠃ ᠭᠤᠷᠪᠠ ᠳᠤ᠂ ᠡᠯ᠎ᠡ ᠱᠠᠲᠤᠨ ᠤ ᠠᠪᠤᠷᠠᠨ ᠲᠤᠰᠠᠯᠠᠬᠤ ᠪᠡᠯᠡ ᠮᠥᠩᠭᠦ ᠡᠳ᠋ | ᠪᠣᠳᠠᠰ ᠢ ᠨᠢᠭᠡᠳᠦᠯᠲᠡᠢ ᠲᠥᠯᠥᠪᠯᠡᠪᠡ᠂ ᠭᠠᠮᠰᠢᠭᠳᠠᠭᠰᠠᠨ ᠣᠯᠠᠨ ᠲᠦᠮᠡᠨ ᠤ ᠬᠦᠴᠢᠷᠳᠡᠯ ᠤᠨ ᠪᠠᠶᠢᠳᠠᠯ ᠢ ᠨᠢ | ᠦᠨᠳᠦᠰᠦᠯᠡᠨ ᠲᠠᠰ ᠬᠤᠪᠢᠶᠠᠨ ᠠᠪᠤᠷᠠᠨ ᠲᠤᠰᠠᠯᠠᠵᠤ᠂ ᠬᠦᠨᠳᠦ ᠨᠣᠴᠢᠲᠠᠢ᠂ ᠣᠨᠴᠠᠭᠠᠶ ᠬᠦᠴᠢᠷᠳᠡᠯ ᠳᠤ | ᠳᠤᠯᠠᠭᠠᠷᠠᠭᠰᠠᠨ ᠤᠯᠠᠨ ᠲᠦᠮᠡᠨ ᠢ ᠭᠤᠣᠯᠳᠠᠯᠭ᠎ᠠ ᠲᠠᠢ ᠠᠪᠤᠷᠠᠨ ᠲᠤᠰᠠᠯᠠᠨ᠎ᠠ᠃ ᠳᠥᠷᠪᠡ ᠳᠤ᠂ ᠮᠥᠷᠳᠡᠨ | ᠵᠢᠯᠤᠭᠤᠳᠬᠤ ᠪᠠᠨ ᠴᠢᠩᠭᠠᠳᠬᠠᠪᠠ᠂ ᠬᠢᠨᠠᠯᠲᠠ ᠲᠠᠯᠪᠢᠨ ᠪᠠᠶᠢᠴᠠᠭᠠᠬᠤ ᠶᠢ ᠴᠢᠩᠭᠠᠷᠠᠭᠤᠯᠤᠨ᠂ ᠠᠪᠤᠷᠠᠨ ᠲᠤᠰᠠᠯᠠᠬᠤ | ᠪᠡᠯᠡ ᠮᠥᠩᠭᠦ ᠣᠯᠭᠤᠬᠤ ᠳᠤ ᠪᠠᠨ ᠢᠯᠡ ᠲᠣᠳᠣ᠂ ᠭᠠᠷᠳᠠᠮ ᠪᠦᠷᠢᠨ ᠭᠦᠢᠴᠡᠳ᠂ ᠳᠠᠩᠰᠠ ᠪᠠ ᠵᠣᠭᠤᠰ ᠨᠢ | ᠬᠠᠷᠢᠯᠴᠠᠨ ᠨᠡᠶᠢᠴᠡᠬᠦ ᠶᠢ ᠦᠨᠡᠨ ᠬᠦ ᠪᠠᠲᠤᠯᠠᠵᠤ᠂ ᠪᠡᠯᠡ ᠮᠥᠩᠭᠦ ᠶᠢ ᠲᠠᠰᠤᠯᠤᠨ ᠦᠯᠡᠳᠡᠭᠡᠬᠦ᠂ ᠣᠯᠭᠤᠬᠤ ᠶᠢ | ᠤᠳᠠᠭᠠᠰᠢᠷᠠᠭᠤᠯᠬᠤ ᠪᠤᠶᠤ ᠳᠠᠷᠤᠭᠳᠠᠭᠤᠯᠵᠤ ᠬᠡᠷᠡᠭᠯᠡᠬᠦ ᠦᠭᠡᠢ ᠪᠠᠶᠢᠬᠤ ᠶᠢ ᠴᠢᠩᠭ᠎ᠠ ᠰᠡᠷᠭᠡᠶᠢᠯᠡᠨ᠎ᠡ᠃ ︵ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ︶ |