ᠪᠢᠴᠢᠬᠠᠨ ᠪᠦᠪᠡᠢ ᠨᠠᠷ ᠴᠡᠷᠢᠭ ᠤᠨ ᠬᠦᠷᠢᠶᠡᠨ ᠳᠤ
ᠨᠡᠶᠢᠲᠡᠯᠡᠭᠰᠡᠨ ᠴᠠᠭ᠄
2024/10/21
    10 ᠰᠠᠷ᠎ᠠ ᠶᠢᠨ 18 ᠤ ᠦᠳᠡ ᠶᠢᠨ ᠡᠮᠦᠨ᠎ᠡ᠂ ᠪᠠᠷᠠᠭᠤᠨ ᠦᠵᠦᠮᠦᠴᠢᠨ ᠬᠤᠰᠢᠭᠤ ︽ᠤᠯᠤᠰ ᠢᠶᠠᠨ ᠬᠦᠴᠦᠷᠭᠡᠭᠵᠢᠬᠦᠯᠦᠨ ᠮᠠᠨᠳᠤᠭᠤᠯᠬᠤ ᠳᠤ ᠪᠢ ᠪᠤᠢ︾ ᠭᠡᠬᠦ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠡᠷᠢᠭ ᠤᠨ ᠬᠦᠷᠢᠶᠡᠨ ᠳᠤ ᠪᠡᠶᠡᠴᠢᠯᠡᠨ ᠣᠶᠢᠯᠠᠭᠠᠬᠤ ᠡᠳᠦᠷ ᠤᠨ ᠠᠵᠢᠯᠯᠠᠭ᠎ᠠ ᠥᠷᠨᠢᠭᠦᠯᠵᠦ᠂ ᠪᠠᠶᠠᠠᠬᠤᠰᠢᠭᠤ ᠬᠡᠦᠬᠡᠳ ᠤᠨ ᠴᠡᠴᠡᠷᠯᠢᠭ ᠤᠨ ᠶᠡᠭᠡ ᠠᠩᠭᠢ ᠶᠢᠨ ᠪᠢᠴᠢᠬᠠᠨ ᠪᠦᠪᠡᠢ ᠨᠠᠷ᠂ ᠪᠠᠭᠰᠢ ᠪᠣᠯᠣᠨ ᠭᠡᠷ ᠤᠨ ᠠᠬᠠᠮᠠᠳ ᠤᠨ ᠳᠠᠭᠠᠭᠤᠯᠭ᠎ᠠ ᠪᠠᠷ ᠴᠡᠷᠢᠭ ᠤᠨ ᠬᠦᠷᠢᠶᠡᠨ ᠤ ᠠᠮᠢᠳᠤᠷᠠᠯ ᠢ ᠪᠡᠶᠡᠴᠢᠯᠡᠨ ᠤᠶᠢᠯᠠᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠦᠵᠡᠯᠲᠡ ᠪᠣᠯᠣᠨ ᠴᠡᠷᠢᠭ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠤᠬᠠᠮᠰᠠᠷ ᠢᠶᠠᠨ ᠤᠯᠠᠮ ᠴᠢᠨᠠᠭᠰᠢᠳᠠ ᠳᠡᠭᠡᠭᠰᠢᠯᠡᠭᠦᠯᠵᠡᠢ᠃
    ᠴᠡᠷᠢᠭ ᠤᠨ ᠬᠦᠷᠢᠶᠡᠨ ᠳᠤ ᠢᠷᠡᠭᠰᠡᠨ ᠪᠢᠴᠢᠬᠠᠨ ᠪᠦᠪᠡᠢ ᠨᠠᠷ ᠪᠠᠭᠰᠢ ᠪᠣᠯᠣᠨ ᠭᠡᠷ ᠤᠨ ᠠᠬᠠᠮᠠᠳ ᠤᠨ ᠲᠠᠭᠠᠭᠤᠯᠭ᠎ᠠ  ᠪᠠᠷ ᠴᠡᠷᠢᠭ ᠠᠪᠠᠭ᠎ᠠ ᠨᠠᠷ ᠤᠨ ᠤᠯᠤᠰ ᠤᠨ ᠲᠤᠭ ᠮᠠᠨᠳᠤᠭᠤᠯᠬᠤ ᠰᠦᠷ ᠲᠠᠯᠠᠶᠢᠴᠢᠲᠠᠢ ᠶᠣᠰᠣᠯᠠᠯ ᠢ ᠰᠤᠨᠢᠷᠬᠠᠨ᠂ ᠲᠡᠳᠡᠨ ᠤ ᠰᠦᠷ ᠰᠦᠯᠲᠡ ᠶᠢ ᠪᠠᠭ᠋ᠠᠷᠬᠠᠵᠤ ᠪᠠᠶᠢᠯ᠎ᠠ᠃
    ᠲᠠᠷᠠᠭ᠎ᠠ ᠳᠤ ᠨᠢ᠂ ᠡᠷᠦᠬᠡ ᠶᠢᠨ ᠴᠡᠷᠢᠭ ᠤᠨ ᠪᠤᠯᠪᠠᠰᠤᠷᠠᠯ ᠢ ᠰᠤᠨᠢᠷᠬᠠᠵᠤ᠂  ᠲᠡᠳᠡᠨ ᠤ  ᠤᠬᠤᠷᠢᠯᠲᠠ᠂ ᠲᠠᠭᠠᠷᠢᠯᠲᠠ ᠵᠢᠴᠢ ᠨᠢᠳᠤᠷᠭᠠᠨ ᠡᠷᠳᠡᠮ ᠤᠨ ᠦᠢᠯᠡ ᠬᠥᠳᠡᠯᠦᠯ  ᠪᠤᠰᠢᠭᠤ ᠱᠠᠯᠠᠮᠠᠭᠠᠢ᠂ ᠡᠷᠴᠢ ᠬᠦᠴᠦ᠂ ᠡᠷᠡᠮᠡᠬᠡᠢ ᠵᠤᠷᠢᠭ ᠢ ᠪᠢᠰᠢᠷᠡᠨ ᠪᠠᠭ᠋ᠠᠳᠤᠵᠤ ᠦᠶ᠎ᠡ ᠦᠶ᠎ᠡ ᠠᠯᠠᠭ᠎ᠠ ᠲᠠᠰᠢᠯᠲᠠ ᠶᠢᠨ ᠲᠠᠭᠤᠨ ᠨᠢᠵᠢᠭᠢᠨᠡᠵᠦ ᠪᠠᠶᠢᠯ᠎ᠠ᠃
    ᠡᠭᠦᠨ ᠠᠴᠠ ᠭᠠᠳᠠᠨ᠎ᠠ᠂ ᠡᠷᠦᠭᠡ ᠶᠢᠨ ᠴᠡᠷᠢᠭ ᠤᠨ ᠰᠤᠷᠭᠠᠭᠴᠢ ᠠᠴᠠ ᠪᠠᠰᠠ ᠡᠯ᠎ᠡ ᠵᠦᠢᠯ ᠤᠨ ᠵᠡᠪᠰᠡᠭ ᠲᠣᠨᠣᠭᠯᠠᠯ ᠢ ᠤᠯᠠᠨ ᠳᠤ ᠨᠠᠷᠢᠨ ᠲᠠᠨᠢᠯᠴᠠᠭᠤᠯᠤᠭᠰᠠᠨ ᠢᠶᠠᠷ ᠪᠢᠴᠢᠬᠠᠨ ᠪᠦᠪᠡᠢ ᠨᠠᠷ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠰᠤᠷᠤᠯᠴᠠᠬᠤ ᠤᠷᠮ᠎ᠠ ᠪᠠᠬ᠎ᠠ ᠶᠢ ᠲᠤᠶᠢᠯ ᠤᠨ ᠶᠡᠭᠡ ᠪᠠᠷ ᠨᠡᠮᠡᠭᠳᠡᠭᠦᠯᠵᠡᠢ᠃ ᠫᠤᠤ ᠵᠡᠪᠰᠡᠭ ᠤᠨ ᠪᠦᠲᠦᠴᠡ ᠶᠢ ᠳᠡᠯᠭᠡᠨ ᠦᠵᠡᠭᠦᠯᠬᠦ ᠶᠠᠪᠤᠴᠠ ᠳᠤ᠂ ᠪᠢᠴᠢᠬᠠᠨ ᠨᠠᠶᠢᠵᠠ ᠨᠠᠷ ᠰᠤᠷᠭᠠᠭᠴᠢ ᠶᠢᠨ ᠵᠢᠯᠣᠭᠤᠳᠤᠯᠭ᠎ᠠ ᠪᠠᠷ ᠡᠯ᠎ᠡ ᠵᠦᠢᠯ ᠤᠨ ᠵᠡᠪᠰᠡᠭ ᠤᠨ ᠬᠡᠷᠡᠭᠯᠡᠯᠲᠡ ᠶᠢ ᠪᠡᠶᠡᠴᠢᠯᠡᠨ  ᠤᠶᠢᠯᠠᠭᠠᠵᠤ᠂  ᠪᠠᠰᠠ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠶᠢᠨ ᠬᠥᠮᠥᠷᠭᠡ ᠶᠢ ᠲᠣᠭᠤᠷᠢᠨ ᠦᠵᠡᠭᠰᠡᠨ ᠨᠢ ᠪᠢᠴᠢᠬᠠᠨ ᠨᠠᠶᠢᠵᠠ ᠨᠠᠷ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠲᠤᠬᠠᠢ ᠣᠶᠢᠯᠠᠭᠠᠯᠲᠠ ᠶᠢ ᠨᠡᠮᠡᠭᠳᠡᠭᠦᠯᠦᠨ᠂ ᠲᠡᠳᠡᠨ ᠤ ᠠᠮᠤᠷ ᠲᠦᠪᠰᠢᠨ ᠤ ᠤᠬᠠᠮᠰᠠᠷ ᠢ ᠲᠡᠭᠡᠭᠰᠢᠯᠡᠬᠦᠯᠬᠦ ᠶᠢᠨ ᠬᠠᠮᠳᠤ ᠲᠡᠳᠡᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠮᠥᠵᠢᠭᠦᠯᠵᠡᠢ᠃    ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠠᠮᠢᠶ᠎ᠠ ᠪᠦᠬᠦᠢ ᠠᠵᠢᠯᠲᠠᠨ ᠵᠢᠴᠢ ᠪᠠᠶᠠᠠᠬᠤᠰᠢᠭᠤ ᠬᠡᠦᠬᠡᠳ ᠤᠨ ᠴᠡᠴᠡᠷᠯᠢᠭ ᠤᠨ ᠶᠡᠭᠡ ᠠᠩᠭᠢ ᠶᠢᠨ ᠪᠠᠭᠰᠢ ᠰᠤᠷᠤᠭᠴᠢᠳ ᠪᠣᠯᠣᠨ ᠭᠡᠷ ᠤᠨ ᠠᠬᠠᠮᠠᠳ ᠨᠠᠷ ᠠᠵᠢᠯᠯᠠᠭᠠᠨ ᠳᠤ  ᠣᠷᠣᠯᠴᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号