ᠪᠠᠷᠠᠭᠤᠨ ᠦᠵᠦᠮᠦᠴᠢᠨ ᠬᠤᠰᠢᠭᠤ ᠠᠮᠢ ᠠᠬᠤᠢ ᠶᠢᠨ ᠤᠷᠴᠢᠨ ᠲᠤᠭᠤᠷᠢᠨ ᠤ ᠬᠢᠨᠠᠨ ᠰᠢᠯᠭᠠᠯᠳᠠ ᠶᠢ ᠰᠠᠶᠢᠳᠤᠷ ᠬᠢᠵᠦ ᠤᠷᠴᠢᠨ ᠲᠤᠭᠤᠷᠢᠨ ᠤ ᠬᠠᠮᠠᠭᠠᠯᠠᠯᠳᠠ ᠳᠤ ᠪᠠᠳᠤᠯᠠᠭ᠎ᠠ ᠬᠠᠩᠭᠠᠵᠦ ᠪᠠᠶᠢᠨ᠎ᠠ
ᠨᠡᠶᠢᠲᠡᠯᠡᠭᠰᠡᠨ ᠴᠠᠭ᠄
2024/10/21
     ᠪᠠᠷᠠᠭᠤᠨ ᠦᠵᠦᠮᠦᠴᠢᠨ ᠬᠤᠰᠢᠭᠤ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠷᠪᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠢ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢᠶᠠᠨ ᠶᠡᠬᠡᠪᠡᠷ ᠰᠠᠶᠢᠵᠢᠷᠠᠭᠤᠯᠤᠨ ᠠᠮᠢ ᠠᠬᠤᠢ  ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠪᠠᠳᠤ ᠰᠠᠭᠤᠷᠢ ᠶᠢ ᠲᠠᠯᠪᠢᠵᠦ ᠪᠠᠶᠢᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠢᠨᠠᠨ ᠡᠵᠡᠮᠳᠡᠬᠦ ᠦᠷᠳᠡᠭᠡ ᠨᠢ ᠤᠶᠢᠷ᠎ᠠ ᠳᠤ ᠦᠪᠡᠷᠳᠡᠭᠡᠨ ᠵᠠᠰᠠᠬᠤ ᠤᠷᠤᠨ ᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶᠠᠨ ᠠᠴᠠ ᠵᠤᠬᠢᠶᠠᠨ ᠪᠠᠶᠢᠭᠤᠯᠤᠭᠰᠠᠨ 2024 ᠤᠨ ᠤ ᠤᠷᠴᠢᠨ ᠲᠤᠭᠤᠷᠢᠨ ᠢ ᠬᠢᠨᠠᠨ ᠰᠢᠯᠭᠠᠬᠤ ᠠᠵᠢᠯ ᠤᠨ ᠬᠦᠷᠢᠶᠡᠨ ᠳᠠᠬᠢ ᠬᠢᠨᠠᠨ ᠰᠢᠯᠭᠠᠵᠦ ᠬᠡᠮᠵᠢᠬᠦ ᠪᠠᠶᠢᠭᠤᠯᠤᠮᠵᠢ ᠶᠢᠨ ᠴᠢᠳᠠᠪᠬᠢ ᠶᠢ ᠬᠡᠮᠵᠢᠨ ᠲᠤᠭᠳᠠᠭᠠᠬᠤ ᠳᠤ ᠤᠷᠤᠯᠴᠠᠨ ︽ᠬᠠᠨᠤᠮᠵᠢᠳᠠᠢ︾ ᠦᠨᠡᠯᠡᠯᠳᠡ ᠪᠠᠷ ᠬᠢᠨᠠᠨ ᠰᠢᠯᠭᠠᠯᠳᠠ ᠳᠤ ᠬᠢᠷᠢ ᠲᠡᠩᠴᠡᠪᠡ᠃ ᠬᠢᠨᠠᠨ ᠰᠢᠯᠭᠠᠬᠤ ᠲᠤᠮᠳᠠ᠂ ᠲᠤᠰ ᠪᠠᠶᠢᠭᠤᠯᠭ᠎ᠠ ᠨᠢ ᠮᠡᠷᠭᠡᠵᠢᠯ ᠤᠨ ᠠᠵᠢᠯᠳᠠᠨ ᠢᠶᠠᠨ ᠵᠤᠬᠢᠶᠠᠨ ᠪᠠᠶᠢᠭᠤᠯᠵᠤ᠂ ᠬᠢᠨᠠᠨ ᠬᠡᠮᠵᠢᠬᠦ ᠮᠡᠷᠭᠡᠵᠢᠯ ᠤᠨ ᠱᠠᠭᠠᠷᠳᠠᠯᠭ᠎ᠠ᠂ ᠠᠵᠢᠯ ᠤᠨ ᠲᠠᠷᠠᠭᠠᠯᠠᠯ ᠪᠠ ᠲᠦᠷᠢᠮᠵᠢᠯ ᠶᠤᠰᠤᠭᠠᠷ ᠴᠢᠩᠭ᠎ᠠ ᠨᠢᠮᠪᠠᠢ ᠬᠢᠨᠠᠨ ᠬᠡᠮᠵᠢᠯᠳᠡ ᠬᠢᠵᠦ᠂ ᠦᠪᠦᠷ ᠮᠤᠩᠭᠤᠯ ᠤᠨ ᠦᠢᠯᠡᠳᠭᠦᠨ ᠤ ᠶᠠᠰᠤ ᠴᠢᠨᠠᠷ ᠢ ᠬᠢᠨᠠᠨ ᠰᠢᠯᠭᠠᠬᠤ ᠰᠤᠳᠤᠯᠬᠤ ᠬᠦᠷᠢᠶᠡᠯᠡᠩ ᠳᠤ ᠰᠢᠯᠭᠠᠨ ᠪᠠᠶᠢᠴᠠᠭᠠᠯᠳᠠ ᠶᠢᠨ ᠦᠷ᠎ᠡ ᠳ᠋ᠦᠩ ᠢᠶᠠᠨ ᠴᠠᠭ ᠲᠤᠬᠠᠢ ᠳᠤᠨᠢ ᠮᠡᠳᠡᠭᠦᠯᠦᠭᠰᠡᠨ ᠢᠶᠠᠷ ᠬᠢᠨᠠᠨ ᠰᠢᠯᠭᠠᠯᠳᠠ ᠶᠢ ᠠᠮᠵᠢᠯᠳᠠ ᠲᠠᠢ ᠲᠠᠪᠠᠨ ᠲᠤᠭᠤᠯᠤᠭᠰᠠᠨ ᠪᠠᠶᠢᠯ᠎ᠠ᠃     ᠪᠠᠷᠠᠭᠤᠨ ᠦᠵᠦᠮᠦᠴᠢᠨ ᠬᠤᠰᠢᠭᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠢᠨᠠᠨ ᠡᠵᠡᠮᠳᠡᠬᠦ ᠦᠷᠳᠡᠭᠡ ᠶᠢᠨ ᠠᠵᠢᠯᠳᠠᠨ ᠹᠦ᠋ ᠬᠠᠢ ᠵᠢᠶᠤᠤ ——     ᠡᠨᠡ ᠤᠳᠠᠭᠠᠨ ᠤ ᠪᠠᠶᠢᠭᠤᠯᠤᠮᠵᠢ ᠶᠢᠨ ᠬᠢᠨᠠᠨ ᠰᠢᠯᠭᠠᠯᠳᠠ ᠶᠢᠨ ᠴᠢᠳᠠᠪᠬᠢ ᠶᠢ ᠬᠢᠨᠠᠨ ᠲᠤᠭᠳᠠᠭᠠᠬᠤ ᠠᠵᠢᠯ ᠳᠤ ᠭᠤᠤᠯᠳᠠᠭᠤ ᠤᠰᠤᠨ ᠤ ᠴᠢᠨᠠᠷ ᠢ ᠬᠢᠨᠠᠨ ᠰᠢᠯᠭᠠᠬᠤ 6 ᠲᠤᠭ᠎ᠠ ᠪᠠᠷᠢᠮᠳᠠ ᠪᠠᠷ ᠬᠢᠨᠠᠨ ᠰᠢᠯᠭᠠᠬᠤ ᠪᠠᠷᠢᠮᠵᠢᠶ᠎ᠠ ᠪᠤᠯᠭᠠᠵᠦ ᠪᠦᠷ ᠬᠢᠷᠢ ᠲᠡᠩᠴᠡᠵᠡᠢ᠂ ᠠᠵᠢᠯᠯᠠᠭ᠎ᠠ ᠳᠤ ᠤᠷᠤᠯᠴᠠᠬᠤ ᠪᠠᠷ ᠲᠠᠮᠵᠢᠨ ᠪᠤᠳᠠᠳᠠᠢ ᠠᠵᠢᠯ ᠲᠤᠮᠳᠠ  ᠲᠤᠷᠰᠢᠯᠳᠠ ᠬᠢᠵᠦ ᠵᠠᠳᠠᠯᠬᠤ ᠪᠠ ᠶᠠᠰᠤ ᠴᠢᠨᠠᠷ ᠤᠨ ᠬᠢᠨᠠᠨ ᠬᠠᠮᠢᠶᠠᠷᠤᠯᠳᠠ ᠬᠢᠬᠦ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠡᠭᠡᠭᠰᠢᠯᠡᠬᠦᠯᠦᠭᠰᠡᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤ ᠨᠢ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠳᠠ ᠶᠢᠨ ᠴᠢᠳᠠᠪᠬᠢ ᠶᠢ ᠲᠡᠭᠡᠭᠰᠢᠯᠡᠬᠦᠯᠬᠦ ᠶᠢ ᠲᠠᠭᠠᠭᠠᠮᠠᠭᠠᠢ ᠬᠦᠭᠵᠢᠯᠳᠡ ᠶᠢᠨ ᠴᠢᠬᠤᠯᠠ ᠠᠵᠢᠯ ᠪᠤᠯᠭᠠᠨ ᠠᠳᠬᠤᠵᠤ᠂ ᠠᠮᠢ ᠠᠬᠤᠢ ᠶᠢ ᠲᠡᠷᠢᠬᠦᠨ ᠳᠤ  ᠲᠠᠯᠪᠢᠨ ᠨᠤᠭᠤᠭᠠᠨ ᠬᠦᠭᠵᠢᠯᠳᠡ ᠶᠢ ᠪᠠᠷᠢᠮᠳᠠᠯᠠᠵᠦ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠦ ᠢᠷᠡᠪᠡ᠃ ᠪᠠᠷᠠᠭᠤᠨ ᠦᠵᠦᠮᠦᠴᠢᠨ ᠬᠤᠰᠢᠭᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠰᠠᠯᠠᠭ᠎ᠠ ᠮᠦᠴᠢᠷ ᠨᠢ ᠠᠮᠢ ᠠᠬᠤᠢ ᠶᠢᠨ ᠵᠠᠰᠠᠯᠳᠠ ᠶᠢᠨ ᠴᠢᠳᠠᠪᠬᠢ ᠪᠠᠨ ᠲᠡᠭᠡᠭᠰᠢᠯᠡᠬᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠬᠢᠨᠠᠨ ᠰᠢᠯᠭᠠᠬᠤ ᠮᠡᠷᠭᠡᠵᠢᠯ ᠤᠨ ᠠᠵᠢᠯᠳᠠᠨ ᠤ ᠡᠩᠨᠡᠭᠡ  ᠪᠠᠨ ᠴᠢᠩᠭᠠᠳᠬᠠᠨ ᠲᠤᠰᠬᠠᠢ ᠮᠡᠷᠭᠡᠵᠢᠯ ᠤᠨ ᠬᠢᠷᠢ ᠲᠦᠪᠰᠢᠨ ᠢᠶᠠᠨ ᠲᠡᠭᠡᠭᠰᠢᠯᠡᠬᠦᠯᠵᠦ᠂ ᠤᠷᠤᠰᠬᠠᠯ ᠤᠰᠤ᠂ ᠬᠦᠷᠦᠰᠦ ᠰᠢᠷᠤᠢ᠂ ᠲᠠᠭᠤ ᠱᠤᠤᠭᠢᠶᠠᠨ ᠤ ᠬᠢᠨᠠᠨ ᠬᠡᠮᠵᠢᠯᠳᠡ ᠪᠠ ᠠᠮᠢ ᠠᠬᠤᠢ ᠶᠢᠨ ᠪᠤᠬᠢᠷᠳᠤᠯ ᠤᠨ ᠲᠠᠯᠳᠠ ᠭᠡᠮ ᠤᠨ ᠪᠠᠶᠢᠴᠠᠭᠠᠯᠳᠠ ᠵᠡᠷᠭᠡ ᠭᠤᠤᠯᠳᠠᠯᠭ᠎ᠠ ᠲᠠᠢ ᠠᠵᠢᠯ ᠢᠶᠠᠨ ᠲᠤᠭᠳᠠᠭᠰᠠᠨ ᠬᠤᠭᠤᠴᠠᠭᠠᠨ ᠳᠤ ᠶᠠᠪᠤᠭᠳᠠᠭᠤᠯᠤᠨ ᠰᠢᠨᠵᠢᠯᠡᠬᠦ ᠤᠬᠠᠭᠠᠠᠴᠢ᠂ ᠦᠨᠡᠨ ᠪᠤᠳᠠᠳᠠᠢ᠂ ᠨᠠᠷᠢᠨ ᠤᠨᠤᠪᠴᠢᠳᠠᠢ ᠬᠢᠨᠠᠨ ᠰᠢᠯᠭᠠᠯᠳᠠ ᠶᠢᠨ ᠲᠤᠭ᠎ᠠ ᠪᠠᠷᠢᠮᠳᠠ ᠶᠢ ᠬᠠᠩᠭᠠᠵᠦ ᠪᠦᠬᠦ ᠬᠤᠰᠢᠭᠤᠨ ᠤ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠤᠨ ᠤᠷᠤᠭᠰᠢᠳᠠᠢ ᠶᠠᠪᠤᠭᠳᠠᠬᠤ ᠳᠤ ᠪᠠᠳᠤᠯᠠᠭ᠎ᠠ ᠬᠠᠩᠭᠠᠭᠰᠠᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号