ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠠᠷᠪᠠᠨ ᠬᠤᠶᠠᠳᠤᠭᠠᠷ ᠤᠳᠠᠭᠠᠨ ᠤ  ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/21
   10 ᠰᠠᠷ᠎ᠠ ᠶᠢᠨ 17 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ  ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠭᠠᠨ᠎ᠠ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠡᠷᠭᠡᠨᠳᠠᠯᠠᠢ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠳᠡᠳ᠋ ᠲᠡᠷᠢᠭᠦᠯᠡᠭᠴᠢ ᠪᠠ ᠨᠠᠷᠢᠨ ᠪᠢᠴᠢᠭ ᠤᠨ ᠳᠠᠷᠤᠭ᠎ᠠ ᠬᠤᠷᠠᠯ ᠳᠤ ᠣᠷᠣᠯᠴᠠᠵᠤ᠂ ᠬᠤᠰᠢᠭᠤ ᠳᠡᠳ᠋ ᠳᠠᠷᠤᠭ᠎ᠠ ᠷᠧᠨ ᠳ᠋ᠧ ᠰᠢᠨ ᠬᠤᠷᠠᠯ ᠳᠤ ᠤᠷᠢᠯᠭ᠎ᠠ ᠪᠠᠷ ᠣᠷᠣᠯᠴᠠᠵᠠᠢ᠃    ᠬᠤᠷᠠᠯ ᠳᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠬᠤᠶᠠᠳᠤᠭᠠᠷ ᠪᠥᠬᠦᠳᠡ ᠬᠤᠷᠠᠯᠳᠤᠭᠠᠨ ᠳᠡᠭᠡᠷᠡᠬᠢ ᠴᠢᠬᠤᠯᠠ ᠶᠠᠷᠢᠶ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠪᠠ᠃ ︽︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ︾ ᠵᠥᠪᠯᠡᠬᠦ ᠰᠡᠳᠦᠪ  ᠤᠨ ᠲᠣᠭᠤᠷᠢᠨ ᠳᠤ ᠬᠢᠨᠠᠯᠲᠠ ᠶᠢᠨ ᠴᠢᠨᠠᠷᠲᠠᠢ ᠲᠤᠰᠬᠠᠢ ᠰᠡᠳᠦᠪᠲᠦ ᠵᠥᠪᠯᠡᠯᠭᠡ ᠬᠢᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠳᠣᠶᠢᠷᠤ ᠶᠢᠨ ᠵᠣᠭᠰᠣᠴᠠ ᠪᠠᠨ ᠳᠡᠭᠡᠭᠰᠢᠯᠡᠭᠦᠯᠦᠨ ᠦᠵᠡᠯᠲᠡ ᠲᠠᠨᠢᠯᠲᠠ ᠪᠠᠨ ᠬᠦᠢᠠᠵᠠᠭᠡᠶᠢᠷᠠᠭᠦᠯᠵᠤ᠂ ᠰᠠᠯᠠᠭ᠎ᠠ ᠮᠥᠴᠢᠷ ᠤᠨ  ᠬᠤᠭᠤᠷᠤᠨᠳᠤᠬᠢ ᠬᠠᠮᠵᠢᠯᠴᠠᠭ᠎ᠠ ᠪᠠᠨ ᠴᠢᠩᠭᠠᠳᠬᠠᠨ᠂ ᠮᠠᠨ ᠤ ᠬᠤᠰᠢᠭᠤᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠬᠠᠮᠲᠤ ᠪᠠᠷ ᠠᠬᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ  ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯᠭᠡ ᠪᠣᠯᠭᠠᠨ ᠬᠤᠪᠢᠷᠠᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ ᠬᠥᠮᠥᠰ ᠤᠨ ᠰᠡᠳᠬᠢᠯ᠂ ᠬᠠᠮᠲᠤ ᠶᠢᠨ ᠲᠠᠨᠢᠯᠲᠠ᠂ ᠤᠶᠤᠨ ᠤᠬᠠᠭᠠᠨ᠂  ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号