ᠰᠤᠷᠪᠤᠯᠵᠢᠯᠠᠭᠰᠠᠨ ᠵᠣᠴᠢᠨ᠄ ᠪᠦᠦ ᠶᠤᠸᠠᠢ ᠮᠧᠶ ᠂ ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ | ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ | ᠰᠣᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠮᠠᠯ ᠤᠨ ᠢᠯᠭᠠᠳᠤᠰᠤ ᠠᠷᠢᠯᠭᠠᠬᠤ ᠵᠢᠵᠢᠭ ᠬᠡᠯᠪᠡᠷᠢ ᠶᠢᠨ | ᠠᠴᠢᠶᠠᠨ ᠤ ᠮᠠᠰᠢᠨ ᠤ ᠨᠥᠬᠦᠪᠦᠷᠢ ᠶᠢ ᠬᠡᠷᠡᠭᠵᠢᠭᠦᠯᠬᠦ ᠪᠠᠷ ᠳᠡᠮᠵᠢᠨ᠂ ᠪᠥᠬᠦ ᠬᠤᠰᠢᠭᠤᠨ ᠤ ᠮᠠᠯ ᠠᠵᠤ ᠠᠬᠤᠢ ᠶᠢᠨ | ᠮᠠᠰᠢᠨᠴᠢᠯᠠᠯᠲᠠ᠂ ᠣᠶᠤᠨᠴᠢᠯᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠯ ᠠᠵᠤ | ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ᠮᠠᠨ ᠤ ᠬᠤᠰᠢᠭᠤᠨ ᠤ ᠣᠲᠣ ᠦᠶ᠎ᠡ ᠶᠢᠨ ᠮᠠᠯ ᠠᠵᠤ | ᠠᠬᠤᠢ ᠶᠢᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠰᠤᠷᠪᠤᠯᠵᠢᠯᠠᠭᠴᠢ᠄ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠮᠠᠯ ᠤᠨ ᠢᠯᠭᠠᠳᠤᠰᠤ ᠠᠷᠢᠯᠭᠠᠬᠤ | ᠵᠢᠵᠢᠭ ᠬᠡᠯᠪᠡᠷᠢ ᠶᠢᠨ ᠠᠴᠢᠶᠠᠨ ᠤ ᠮᠠᠰᠢᠨ ᠬᠤᠳᠠᠯᠳᠤᠨ ᠠᠪᠬᠤ ᠳᠤ ᠠᠶᠢᠮᠠᠭ ᠤᠨ ᠱᠠᠲᠤᠨ ᠠᠴᠠ ᠨᠥᠬᠦᠪᠦᠷᠢ | ᠥᠭᠬᠦ ᠲᠤᠷᠰᠢᠯᠲᠠ ᠶᠢᠨ ᠠᠵᠢᠯ ᠢ ᠬᠡᠰᠡᠭ ᠬᠤᠭᠤᠴᠠᠭ᠎ᠠ ᠥᠷᠨᠢᠭᠦᠯᠪᠡ᠂ ᠣᠲᠣ ᠠᠯᠢ ᠱᠠᠲᠤᠨ ᠳᠤ ᠬᠦᠷᠲᠡᠯ᠎ᠡ | ᠶᠠᠪᠤᠭᠳᠠᠭᠤᠯᠵᠤ ᠪᠠᠶᠢᠨ᠎ᠠ︖ ᠶᠠᠮᠠᠷ ᠶᠠᠮᠠᠷ ᠠᠵᠢᠯ ᠬᠢᠭᠰᠡᠨ ᠪᠤᠢ︖ | ᠰᠣᠷᠪᠤᠯᠵᠢᠯᠠᠭ᠎ᠠ ᠬᠦᠯᠢᠶᠡᠭᠴᠢ᠄ ᠣᠳᠣ 8 ᠰᠠᠷ᠎ᠠ ᠶᠢᠨ ᠰᠡᠭᠦᠯᠴᠢ ᠶᠢᠨ ᠬᠤᠶᠠᠳᠤᠭᠠᠷ ᠱᠠᠲᠤᠨ ᠳᠤ ᠶᠠᠪᠤᠭᠳᠠᠵᠤ | ᠪᠠᠶᠢᠨ᠎ᠠ᠃ ᠬᠤᠶᠠᠳᠤᠭᠠᠷ ᠱᠠᠲᠤ ︵8 ᠰᠠᠷ᠎ᠠ ᠶᠢᠨ ᠰᠡᠭᠦᠯᠴᠢ ᠠᠴᠠ 9 ᠰᠠᠷ᠎ᠠ ᠶᠢᠨ ᠡᠬᠢ ᠬᠦᠷᠲᠡᠯ᠎ᠡ︶᠂ | ᠦᠪᠡᠷᠳᠡᠭᠡᠨ ᠮᠠᠰᠢᠨ ᠢᠶᠠᠨ ᠰᠤᠩᠭᠤᠨ ᠬᠤᠳᠠᠯᠳᠤᠨ ᠠᠪᠬᠤ ᠱᠠᠲᠤ ᠦᠶ᠎ᠡ ᠳᠤ ᠪᠠᠶᠢᠨ᠎ᠠ᠃ ᠮᠠᠰᠢᠨ ᠬᠤᠳᠠᠯᠳᠤᠨ | ᠠᠪᠤᠭᠴᠢ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠨᠥᠬᠦᠴᠡᠯ ᠳᠤ ᠨᠡᠶᠢᠴᠡᠬᠦ ᠲᠠᠷᠢᠶᠠᠯᠠᠩ ᠤᠨ ᠮᠠᠰᠢᠨ | ᠬᠤᠳᠠᠯᠳᠤᠬᠤ ᠠᠵᠤ ᠠᠬᠤᠶᠢᠯᠠᠯ ︵ᠨᠢᠭᠡᠨᠲᠡ ᠳᠠᠩᠰᠠᠯᠠᠭᠤᠯᠤᠭᠰᠠᠨ ᠦᠢᠯᠡᠳᠪᠦᠷᠢᠯᠡᠵᠦ ᠪᠣᠷᠣᠯᠠᠭᠤᠯᠬᠤ ᠠᠵᠤ | ᠠᠬᠤᠶᠢᠯᠠᠯ︶ ᠢ ᠥᠪᠡᠰᠦᠪᠡᠨ ᠡᠵᠡᠨ ᠮᠡᠳᠡᠵᠤ ᠰᠣᠩᠭᠤᠵᠤ ᠮᠠᠰᠢᠨ ᠬᠤᠳᠠᠯᠳᠤᠨ ᠠᠪᠤᠨ᠎ᠠ᠃ ᠮᠠᠰᠢᠨ ᠬᠤᠳᠠᠯᠳᠤᠨ | ᠠᠪᠤᠭᠰᠠᠨ ᠤ ᠲᠠᠷᠠᠭ᠎ᠠ᠂ ᠮᠠᠰᠢᠨ ᠬᠤᠳᠠᠯᠳᠤᠨ ᠠᠪᠤᠭᠴᠢ ᠨᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠳᠤ ᠨᠥᠬᠦᠪᠦᠷᠢ ᠶᠢᠨ ᠪᠡᠯᠡ ᠮᠥᠩᠭᠦ ᠭᠤᠶᠤᠴᠢᠯᠠᠬᠤ ᠭᠤᠶᠤᠴᠢᠯᠠᠯ ᠢᠶᠠᠨ | ᠳᠡᠪᠰᠢᠬᠦᠯᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠥᠬᠦᠪᠦᠷᠢ ᠠᠪᠬᠤ ᠪᠠᠷ ᠭᠤᠶᠤᠴᠢᠯᠠᠨ᠎ᠠ᠃ | ᠰᠤᠷᠪᠤᠯᠵᠢᠯᠠᠭᠴᠢ᠄ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠪᠣᠳᠠᠲᠠᠢ ᠭᠠᠵᠠᠷ ᠲᠤᠨᠢ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠳᠤ ᠶᠠᠮᠠᠷ ᠶᠠᠮᠠᠷ ᠠᠵᠢᠯ ᠬᠢᠭᠰᠡᠨ ᠪᠤᠶ︖ | ᠰᠣᠷᠪᠤᠯᠵᠢᠯᠠᠭ᠎ᠠ ᠬᠦᠯᠢᠶᠡᠭᠴᠢ᠄ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠦᠨᠡᠨᠬᠦ ᠪᠠᠲᠤᠯᠠᠬᠤ ᠳᠤ ᠭᠤᠣᠯᠳᠠᠭᠤ᠄ ᠨᠥᠬᠦᠪᠦᠷᠢ ᠶᠢᠨ ᠪᠡᠯᠡ ᠮᠥᠩᠭᠦ ᠶᠢ ᠬᠡᠷᠡᠭᠯᠡᠬᠦ ᠪᠣᠭᠤᠮᠲᠠ ᠶᠢ ᠰᠠᠶᠢᠲᠤᠷ | ᠠᠳᠬᠤᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠬᠢᠨ ᠮᠠᠰᠢᠨ ᠬᠤᠳᠠᠯᠳᠤᠨ | ᠠᠪᠤᠭᠴᠢ ᠶᠢᠨ ᠨᠥᠬᠦᠪᠦᠷᠢ ᠭᠤᠶᠤᠴᠢᠯᠠᠬᠤ ᠮᠠᠲ᠋ᠧᠷᠢᠶᠠᠯ ᠢ ᠴᠢᠩᠭ᠎ᠠ ᠬᠢᠨᠠᠨ ᠬᠠᠷᠭᠤᠭᠤᠯᠬᠤ ᠶᠢᠨ ᠬᠠᠮᠲᠤ ᠮᠠᠰᠢᠨ | ᠬᠤᠳᠠᠯᠳᠤᠨ ᠠᠪᠤᠭᠴᠢ ᠶᠢᠨ ᠦᠨᠳᠦᠰᠦᠨ ᠮᠡᠳᠡᠭᠡ ᠵᠠᠩᠭᠢ ᠶᠢ ᠬᠤᠰᠢᠭᠤ ᠲᠠᠷᠢᠶᠠᠯᠠᠩ ᠮᠠᠯ ᠠᠵᠤ ᠠᠬᠤᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠡᠶᠢᠲᠡ ᠶᠢᠨ ᠳ᠋ᠤᠭᠠᠷ ᠲᠤ ᠢᠯᠡ ᠨᠡᠶᠢᠲᠡᠯᠡᠨ᠎ᠡ᠃ ᠡᠭᠦᠨ ᠤ | ᠬᠠᠮᠲᠤ᠂ ᠨᠥᠬᠦᠪᠦᠷᠢ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠰᠤᠮᠤ | ᠪᠠᠯᠭᠠᠰᠤ ᠨᠢ ᠡᠷᠦᠬᠡ ᠳᠤ ᠬᠦᠷᠴᠦ ᠬᠠᠷᠭᠤᠭᠤᠯᠤᠨ ᠪᠠᠶᠢᠴᠠᠭᠠᠬᠤ ᠠᠵᠢᠯ ᠢ ᠬᠢᠨᠠᠮᠠᠭᠠᠢ ᠥᠷᠨᠢᠭᠦᠯᠵᠦ᠂ ᠮᠠᠰᠢᠨ | ᠪᠠᠭᠠᠵᠢ ᠬᠤᠳᠠᠯᠳᠤᠨ ᠠᠪᠬᠤ ᠳᠤ ᠬᠡᠷᠡᠭᠯᠡᠭᠰᠡᠨ ᠦᠨᠡᠨ ᠪᠣᠳᠠᠲᠤ ᠴᠢᠨᠠᠷ᠂ ᠮᠠᠰᠢᠨ ᠪᠠᠭᠠᠵᠢ ᠶᠢᠨ ᠬᠡᠯᠪᠡᠷᠢ ᠮᠠᠶ᠋ᠢᠭ᠂ | ᠨᠠᠷᠠᠲᠤ ᠲᠡᠮᠳᠡᠭᠲᠦ᠂ ᠮᠠᠰᠢᠨ ᠪᠠᠭᠠᠵᠢ ᠬᠤᠳᠠᠯᠳᠤᠨ ᠠᠪᠤᠭᠰᠠᠨ ᠪᠠᠷᠢᠮᠲᠠ ᠵᠢᠴᠢ ᠬᠤᠳᠠᠯᠳᠤᠨ ᠠᠪᠤᠭᠰᠠᠨ ᠬᠦᠮᠦᠨ ᠤ | ᠮᠡᠳᠡᠭᠡ ᠵᠠᠩᠭᠢ ᠵᠡᠷᠭᠡ ᠶᠢ ᠴᠢᠩᠭ᠎ᠠ ᠬᠠᠷᠭᠤᠭᠤᠯᠵᠤ᠂ ︽ᠬᠥᠮᠥᠨ ᠲᠠᠢ ᠨᠢ ᠠᠭᠤᠯᠵᠠᠵᠤ᠂ ᠮᠠᠰᠢᠨ ᠢ ᠨᠢ ᠦᠵᠡᠵᠦ᠂ | ᠫᠢᠶᠣᠣ ᠶᠢ ᠨᠢ ᠬᠠᠷᠭᠤᠯᠤᠭᠰᠠᠨ︾ ᠪᠠᠶᠢᠨ᠎ᠠ᠃ | ᠰᠤᠷᠪᠤᠯᠵᠢᠯᠠᠭᠴᠢ᠄ ᠣᠲᠣ ᠪᠣᠯᠲᠠᠯ᠎ᠠ ᠶᠠᠮᠠᠷ ᠦᠷ᠎ᠡ ᠪᠦᠲᠦᠭᠡᠯ ᠣᠯᠣᠭᠰᠠᠨ ᠪᠣᠶ︖ | ᠰᠣᠷᠪᠤᠯᠵᠢᠯᠠᠭ᠎ᠠ ᠬᠦᠯᠢᠶᠡᠭᠴᠢ᠄ ᠣᠲᠣ ᠪᠣᠯᠲᠠᠯ᠎ᠠ᠂ ᠮᠠᠯ ᠤᠨ ᠢᠯᠭᠠᠳᠤᠰᠤ ᠠᠷᠢᠯᠭᠠᠬᠤ ᠵᠢᠵᠢᠭ ᠬᠡᠯᠪᠡᠷᠢ ᠶᠢᠨ | ᠠᠴᠢᠶᠠᠯᠠᠬᠤ ᠮᠠᠰᠢᠨ ᠤ ᠨᠥᠬᠦᠪᠦᠷᠢ ᠶᠢ 26 ᠡᠷᠦᠬᠡ ᠳᠤ ᠥᠭᠴᠦ᠂ ᠡᠭᠦᠨ ᠳᠤ 39 ᠲᠦᠮᠡᠨ ᠲᠥᠭᠦᠷᠢᠭ ᠤᠨ ᠪᠡᠯᠡ | ᠮᠥᠩᠭᠦ ᠬᠡᠷᠡᠭᠯᠡᠭᠰᠡᠨ ᠪᠠᠶᠢᠨ᠎ᠠ᠃ | ᠰᠤᠷᠪᠤᠯᠵᠢᠯᠠᠭᠴᠢ᠄ ᠨᠥᠬᠦᠪᠦᠷᠢ ᠶᠢᠨ ᠬᠡᠷᠡᠭᠵᠢᠭᠦᠯᠬᠦ ᠲᠥᠰᠥᠯ ᠢ ᠤᠷᠤᠭᠰᠢᠲᠠᠢ ᠪᠠᠷ ᠲᠦᠯᠬᠢᠨ ᠠᠬᠢᠭᠤᠯᠵᠤ | ᠴᠢᠳᠠᠬᠤ ᠳᠤ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠬᠤ ᠪᠤᠶ︖ | ᠰᠣᠷᠪᠤᠯᠵᠢᠯᠠᠭ᠎ᠠ ᠬᠦᠯᠢᠶᠡᠭᠴᠢ᠄ ᠢᠯᠭᠠᠳᠤᠰᠤ ᠠᠷᠢᠯᠭᠠᠬᠤ ᠵᠢᠵᠢᠭ ᠬᠡᠯᠪᠡᠷᠢ ᠶᠢᠨ ᠠᠴᠢᠶᠠᠨ ᠤ ᠮᠠᠰᠢᠨ | ᠬᠤᠳᠠᠯᠳᠤᠨ ᠠᠪᠬᠤ ᠨᠥᠬᠦᠪᠦᠷᠢ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠬᠤ ᠶᠢᠨ ᠲᠥᠯᠥᠭᠡ᠂ | ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠢᠯᠭᠠᠳᠤᠰᠤ ᠠᠷᠢᠯᠭᠠᠬᠤ ᠵᠢᠵᠢᠭ ᠬᠡᠯᠪᠡᠷᠢ ᠶᠢᠨ | ᠠᠴᠢᠶᠠᠨ ᠤ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠠᠵᠢᠯ ᠤᠨ ᠲᠤᠰᠬᠠᠢ ᠠᠩᠭᠢ ᠪᠠᠶᠢᠭᠤᠯᠵᠤ᠂ | ᠲᠤᠰᠬᠠᠢ ᠠᠩᠭᠢ ᠶᠢᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠡᠭᠦᠷᠭᠡᠯᠡᠵᠦ᠂ ᠡᠯ᠎ᠡ ᠰᠤᠮᠤ ᠪᠠᠯᠭᠠᠰᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ | ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠡᠷᠬᠢᠯᠡᠭᠴᠢ | ᠳᠤᠭᠤᠶᠢᠯᠠᠩ ᠤᠨ ᠭᠡᠰᠢᠭᠦᠨ ᠪᠣᠯᠵᠤ᠂ ᠠᠵᠢᠯ ᠤᠨ ᠲᠤᠰᠬᠠᠢ ᠠᠩᠭᠢ ᠶᠢᠨ ᠠᠯᠪᠠᠨ ᠭᠡᠷ ᠢ ᠬᠤᠰᠢᠭᠤᠨ ᠤ ᠲᠠᠷᠢᠶᠠᠯᠠᠩ | ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠲᠤ ᠪᠠᠶᠢᠷᠢᠯᠠᠭᠤᠯᠵᠤ᠂ ᠡᠳᠦᠷ ᠲᠤᠲᠤᠮ ᠤᠨ ᠠᠵᠢᠯ ᠢ | ᠪᠣᠳᠠᠲᠠᠢ ᠬᠠᠷᠢᠭᠤᠴᠠᠪᠠ᠃ | ᠰᠤᠷᠪᠤᠯᠵᠢᠯᠠᠭᠴᠢ᠄ ᠬᠡᠷᠡᠭᠵᠢᠭᠦᠯᠬᠦ ᠲᠥᠰᠥᠯ ᠳᠤ ᠨᠥᠬᠦᠪᠦᠷᠢ ᠥᠭᠬᠦ ᠮᠠᠰᠢᠨ ᠪᠠᠭᠠᠵᠢ ᠶᠢᠨ ᠬᠡᠪᠴᠢᠶ᠎ᠡ ᠶᠢᠨ | ᠲᠤᠬᠠᠢ ᠱᠠᠭᠠᠷᠳᠠᠯᠭ᠎ᠠ ᠲᠠᠢ ᠦᠦ︖ | ᠰᠣᠷᠪᠤᠯᠵᠢᠯᠠᠭ᠎ᠠ ᠬᠦᠯᠢᠶᠡᠭᠴᠢ᠄ ᠱᠠᠭᠠᠷᠳᠠᠯᠭ᠎ᠠ ᠶᠢᠨ ᠬᠡᠪᠴᠢᠶ᠎ᠡ ᠲᠠᠢ ᠶᠤᠮ᠃ ᠨᠥᠬᠦᠪᠦᠷᠢ ᠲᠠᠢ ᠮᠠᠰᠢᠨ ᠪᠠᠭᠠᠵᠢ ᠨᠢ | ᠢᠯᠭᠠᠳᠤᠰᠤ ᠴᠡᠪᠡᠷᠯᠡᠬᠦ ᠵᠢᠵᠢᠭ ᠬᠡᠯᠪᠡᠷᠢ ᠶᠢᠨ ᠠᠴᠢᠶᠠᠯᠠᠬᠤ ᠮᠠᠰᠢᠨ ᠤ ᠬᠥᠳᠡᠯᠭᠡᠭᠦᠷ ᠤᠨ ᠬᠦᠴᠦ ᠨᠢ 90kw ᠠᠴᠠ | ᠬᠡᠲᠦᠷᠡᠵᠦ ᠪᠣᠯᠬᠤ ᠦᠭᠡᠢ᠃ ᠨᠥᠬᠦᠪᠦᠷᠢ ᠥᠭᠬᠦ ᠮᠠᠰᠢᠨ ᠨᠢ ᠡᠷᠬᠡᠪᠰᠢ ᠳᠣᠣᠷᠠᠬᠢ ᠮᠡᠲᠦ ᠬᠢᠷᠢ ᠬᠡᠮ ᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ ︵1︶ CMA ᠶᠢᠨ ᠢᠯᠡᠳᠬᠡᠭᠴᠢ ᠲᠡᠮᠳᠡᠭ ︵ᠰᠢᠯᠭᠠᠨ ᠪᠠᠶᠢᠴᠠᠭᠠᠵᠤ | ᠰᠢᠯᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ︶ ᠢ ᠣᠯᠣᠭᠰᠠᠨ ᠦᠢᠯᠡᠳᠪᠦᠷᠢ ᠶᠢᠨ | ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠣᠯᠣᠭᠰᠠᠨ ᠪᠥᠭᠡᠳ ᠮᠡᠳᠡᠭᠦᠯᠦᠯᠲᠡ ᠨᠢ ᠬᠦᠴᠦᠨ ᠲᠠᠢ | ᠬᠤᠭᠤᠴᠠᠭ᠎ᠠ ᠳᠠᠭᠠᠨ ᠪᠠᠶᠢᠬᠤ ︵ᠣᠶᠢᠷ᠎ᠠ ᠶᠢᠨ ᠭᠤᠷᠪᠠᠨ ᠵᠢᠯ︶᠄ ︵2︶ ᠤᠯᠤᠰ ᠤᠨ ᠳᠥᠷᠪᠡᠳᠦᠭᠡᠷ ᠳᠡᠰ ᠤᠨ | ᠭᠠᠳᠠᠭᠰᠢᠯᠠᠭᠤᠯᠬᠤ ᠪᠠᠷᠢᠮᠵᠢᠶ᠎ᠠ ︵ᠤᠯᠤᠰ ᠤᠨ ᠳᠥᠷᠪᠡᠳᠦᠭᠡᠷ ᠱᠠᠲᠤᠨ ᠤ ᠭᠠᠳᠠᠭᠰᠢᠯᠠᠭᠤᠯᠬᠤ ᠪᠠᠷᠢᠮᠵᠢᠶ᠎ᠠ︶ ᠳᠤ | ᠬᠦᠷᠦᠭᠰᠡᠨ᠃ ︵3︶ ᠨᠥᠬᠦᠪᠦᠷᠢ ᠥᠭᠬᠦ ᠮᠠᠰᠢᠨ ᠪᠠᠭᠠᠵᠢ ᠨᠢ ᠡᠷᠬᠡᠪᠰᠢ ᠢᠯᠡᠷᠬᠡᠢ ᠭᠠᠵᠠᠷ ᠲᠤ ᠦᠢᠯᠡᠳᠪᠦᠷᠢᠯᠡᠬᠦ | ᠠᠵᠤ ᠠᠬᠤᠶᠢᠯᠠᠯ᠂ ᠦᠢᠯᠡᠳᠬᠦᠨ ᠤ ᠨᠡᠷᠡᠶᠢᠳᠦᠯ ᠪᠠ ᠬᠡᠯᠪᠡᠷᠢ ᠮᠠᠶ᠋ᠢᠭ᠂ ᠦᠢᠯᠡᠳᠪᠦᠷᠢ ᠠᠴᠠ ᠭᠠᠷᠬᠤ ᠳ᠋ᠤᠭᠠᠷ᠂ | ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠮᠧᠬᠠᠨᠢᠭ ᠣᠷᠴᠢᠨ ᠠᠬᠤᠢ ᠶᠢᠨ ᠬᠠᠮᠠᠭᠠᠯᠠᠯᠲᠠ ᠶᠢᠨ ᠣᠷᠣᠯᠠᠬᠤ ᠨᠣᠮᠧᠷ | ᠵᠡᠷᠭᠡ ᠮᠡᠳᠡᠭᠡ ᠵᠠᠩᠭᠢ ᠶᠢᠨ ᠥᠨᠢᠳᠡ ᠶᠢᠨ ᠴᠢᠨᠠᠷᠲᠠᠢ ᠪᠢᠴᠢᠭᠡᠰᠦ ᠲᠠᠢ ᠪᠠᠶᠢᠬᠤ ᠬᠡᠷᠡᠭᠲᠡᠢ᠃ | ᠰᠤᠷᠪᠤᠯᠵᠢᠯᠠᠭᠴᠢ᠄ ᠨᠥᠬᠦᠪᠦᠷᠢ ᠥᠭᠬᠦ ᠳᠤ ᠣᠷᠣᠯᠴᠠᠭᠰᠠᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠠᠵᠤ | ᠠᠬᠤᠶᠢᠯᠠᠯ ᠤᠨ ᠮᠡᠳᠡᠭᠦᠯᠦᠯᠲᠡ ᠳᠤ ᠶᠠᠮᠠᠷ ᠶᠠᠮᠠᠷ ᠱᠠᠭᠠᠷᠳᠠᠯᠭ᠎ᠠ ᠲᠠᠢ ᠪᠤᠶ︖ | ᠰᠣᠷᠪᠤᠯᠵᠢᠯᠠᠭ᠎ᠠ ᠬᠦᠯᠢᠶᠡᠭᠴᠢ᠄ ᠨᠥᠬᠦᠪᠦᠷᠢ ᠥᠭᠬᠦ ᠳᠤ ᠣᠷᠣᠯᠴᠠᠭᠰᠠᠨ ᠦᠢᠯᠡᠳᠪᠦᠷᠢᠯᠡᠵᠦ ᠪᠣᠷᠣᠯᠠᠭᠤᠯᠬᠤ ᠠᠵᠤ | ᠠᠬᠤᠶᠢᠯᠠᠯ ᠨᠢ 8 ᠰᠠᠷ᠎ᠠ ᠶᠢᠨ 15 ᠤ ᠡᠳᠦᠷ ᠠᠴᠠ ᠡᠮᠦᠨ᠎ᠡ᠂ ᠰᠠᠶᠢᠨ ᠳᠤᠷ᠎ᠠ ᠠᠴᠠ ᠪᠠᠨ ᠮᠡᠳᠡᠭᠦᠯᠦᠨ | ᠳᠠᠩᠰᠠᠯᠠᠭᠤᠯᠵᠤ᠂ ᠠᠶᠢᠮᠠᠭ ᠤᠨ ᠳᠣᠲᠣᠭᠠᠳᠤ ᠳᠤ ᠪᠣᠷᠣᠯᠠᠭᠤᠯᠬᠤ ᠳᠡᠯᠭᠡᠭᠦᠷ ᠲᠠᠢ ᠪᠠᠶᠢᠬᠤ ᠬᠡᠷᠡᠭᠲᠡᠢ᠂ | ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ᠂ ᠰᠡᠯᠪᠢᠨ ᠵᠠᠰᠠᠬᠤ ᠵᠡᠷᠭᠡ ᠲᠤᠬᠠᠶᠢᠯᠠᠭᠰᠠᠨ ᠠᠵᠢᠯ ᠨᠢ | ᠪᠠᠲᠤᠯᠠᠭ᠎ᠠ ᠲᠠᠢ ᠪᠠᠶᠢᠬᠤ ᠬᠡᠷᠡᠭᠲᠡᠢ᠂ ᠣᠶᠢᠷ᠎ᠠ ᠶᠢᠨ ᠬᠤᠶᠠᠷ ᠵᠢᠯ ᠤᠨ ᠨᠥᠬᠦᠪᠦᠷᠢ ᠥᠭᠬᠦ ᠮᠠᠰᠢᠨ ᠪᠠᠭᠠᠵᠢ ᠶᠢᠨ | ᠪᠠᠷᠠᠭ᠎ᠠ ᠣᠷᠣᠭᠤᠯᠬᠤ᠂ ᠪᠣᠷᠣᠯᠠᠭᠤᠯᠬᠤ ᠡᠬᠡ ᠲᠠᠩᠰᠠ ᠶᠢ ᠪᠠᠶᠢᠴᠠᠭᠠᠨ ᠰᠢᠯᠭᠠᠵᠤ ᠪᠣᠯᠣᠨ᠎ᠠ᠃ ᠮᠠᠰᠢᠨ ᠬᠤᠳᠠᠯᠳᠤᠬᠤ | ᠠᠴᠠ ᠡᠮᠦᠨ᠎ᠡ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠵᠢᠴᠢ ᠪᠤᠰᠤᠳ ᠬᠤᠯᠪᠣᠭᠳᠠᠯ ᠪᠦᠬᠦᠢ ᠭᠡᠷᠡᠴᠢ | ᠮᠠᠲ᠋ᠧᠷᠢᠶᠠᠯ ᠢᠶᠠᠨ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ | ᠮᠡᠳᠡᠭᠦᠯᠦᠨ ᠴᠤᠭᠯᠠᠭᠤᠯᠵᠤ ᠬᠤᠷᠢᠶᠠᠩᠭᠤᠶᠢᠯᠠᠭᠰᠠᠨ ᠤ ᠳᠠᠷᠠᠭ᠎ᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠳᠤ ᠨᠢᠭᠡᠳᠦᠯᠲᠡᠢ ᠮᠡᠳᠡᠭᠦᠯᠵᠦ ᠳᠠᠩᠰᠠᠯᠠᠭᠤᠯᠤᠨ᠎ᠠ᠃ | ᠰᠤᠷᠪᠤᠯᠵᠢᠯᠠᠭᠴᠢ᠄ ᠨᠥᠬᠦᠪᠦᠷᠢ ᠣᠯᠭᠤᠬᠤ ᠡᠲᠡᠭᠡᠳ ᠪᠣᠯᠣᠨ ᠨᠥᠬᠦᠪᠦᠷᠢ ᠣᠯᠭᠤᠬᠤ ᠪᠠᠷᠢᠮᠵᠢᠶ᠎ᠠ ᠶᠢ ᠨᠠᠷᠢᠨ | ᠲᠣᠳᠣᠷᠬᠠᠢ ᠶᠠᠷᠢᠨ᠎ᠠ ᠤᠤ︖ | ᠰᠣᠷᠪᠤᠯᠵᠢᠯᠠᠭ᠎ᠠ ᠬᠦᠯᠢᠶᠡᠭᠴᠢ᠄ 2024 ᠣᠨ ᠤ ᠲᠤᠷᠰᠢᠯᠲᠠ ᠶᠢᠨ ᠴᠢᠭ ᠤᠨ ᠨᠥᠬᠦᠪᠦᠷᠢ ᠣᠯᠭᠤᠬᠤ ᠡᠲᠡᠭᠡᠳ | ᠪᠣᠯ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠷᠭᠢᠯᠡᠵᠦ ᠪᠠᠶᠢᠭ᠎ᠠ ᠬᠤᠪᠢ | ᠬᠥᠮᠥᠨ ︵ᠳᠣᠷᠣᠭᠰᠢ ︽ᠮᠠᠰᠢᠨ ᠬᠤᠳᠠᠯᠳᠤᠨ ᠠᠪᠤᠭᠴᠢ︾ ᠭᠡᠵᠦ ᠲᠣᠪᠴᠢᠯᠠᠨ᠎ᠠ︶ ᠪᠣᠯᠣᠨ᠎ᠠ᠃ ᠤᠷᠢᠳᠠᠪᠠᠷ | ᠲᠤᠷᠰᠢᠯᠲᠠ ᠬᠢᠵᠦ ᠨᠥᠬᠦᠪᠦᠷᠢ ᠣᠯᠭᠤᠬᠤ ᠡᠲᠡᠭᠡᠳ ᠨᠢ 2024 ᠣᠨ ᠤ ︽ᠠᠷᠪᠠᠨ ᠰᠢᠶᠠᠨ ᠵᠠᠭᠤᠨ ᠰᠢᠶᠠᠩ | ᠮᠢᠩᠭᠠᠨ ᠲᠣᠰᠬᠤᠨ︾ ᠤ ᠵᠢᠱᠢᠶ᠎ᠡ ᠦᠵᠡᠭᠦᠯᠬᠦ ᠭᠠᠴᠠᠭ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ | ᠡᠷᠭᠢᠯᠡᠵᠦ ᠪᠠᠶᠢᠭ᠎ᠠ ᠬᠤᠪᠢ ᠬᠥᠮᠥᠨ ︵ᠵᠢᠩᠬᠢᠨᠢ ᠪᠢᠴᠢᠭ ᠮᠠᠲ᠋ᠧᠷᠢᠶᠠᠯ ᠳᠠᠬᠢ ᠳᠠᠭᠠᠯᠳᠤᠭᠤᠯᠤᠯ 1 ᠳᠤ ᠦᠵᠡ︶ | ᠪᠣᠯᠣᠨ᠎ᠠ᠃ 2022-2023 ᠣᠨ ᠤ ᠢᠯᠭᠠᠳᠤᠰᠤ ᠠᠷᠢᠯᠭᠠᠬᠤ ᠵᠢᠵᠢᠭ ᠬᠡᠯᠪᠡᠷᠢ ᠶᠢᠨ ᠠᠴᠢᠶᠠᠯᠠᠬᠤ ᠮᠠᠰᠢᠨ ᠤ | ᠨᠥᠬᠦᠪᠦᠷᠢ ᠶᠢ ᠨᠢᠭᠡᠨᠲᠡ ᠭᠥᠷᠳᠡᠵᠦ ᠥᠩᠭᠡᠷᠡᠭᠰᠡᠨ ᠮᠠᠯᠵᠢᠬᠤ ᠡᠷᠦᠬᠡ ᠨᠢ ᠨᠥᠬᠦᠪᠦᠷᠢ ᠣᠯᠭᠤᠬᠤ ᠡᠲᠡᠭᠡᠳ ᠤᠨ | ᠬᠡᠪᠴᠢᠶᠡᠨ ᠳᠤ ᠪᠠᠭᠲᠠᠬᠤ ᠦᠭᠡᠢ᠃ | ᠨᠥᠬᠦᠪᠦᠷᠢ ᠶᠢᠨ ᠲᠠᠪᠴᠠᠩ ᠤᠨ ᠲᠤᠭ᠎ᠠ᠃ ᠮᠠᠰᠢᠨ ᠬᠤᠳᠠᠯᠳᠤᠨ ᠠᠪᠤᠭᠴᠢ ᠶᠢᠨ ᠨᠥᠬᠦᠪᠦᠷᠢ ᠭᠥᠷᠳᠡᠵᠦ | ᠪᠠᠶᠢᠭ᠎ᠠ ᠮᠠᠰᠢᠨ ᠬᠤᠳᠠᠯᠳᠤᠨ ᠠᠪᠬᠤ ᠡᠷᠦᠬᠡ ᠪᠦᠷᠢ ᠳᠤ ᠵᠥᠪᠬᠡᠨ 1 ᠰᠠᠤᠷᠢ ᠮᠠᠰᠢᠨ ᠬᠤᠳᠠᠯᠳᠤᠨ ᠠᠪᠬᠤ ᠪᠠᠷ | ᠬᠢᠵᠠᠭᠠᠷᠯᠠᠨ᠎ᠠ᠃ | ᠨᠥᠬᠦᠪᠦᠷᠢ ᠥᠭᠬᠦ ᠪᠠᠷᠢᠮᠵᠢᠶ᠎ᠠ᠃ ᠲᠠᠩ ᠰᠠᠤᠷᠢ ᠮᠠᠰᠢᠨ ᠪᠠᠭᠠᠵᠢ ᠶᠢᠨ ᠨᠥᠬᠦᠪᠦᠷᠢ ᠶᠢᠨ ᠬᠠᠷᠢᠴᠠᠯ ᠨᠢ | ᠬᠤᠳᠠᠯᠳᠤᠬᠤ ᠦᠨ᠎ᠡ ᠶᠢᠨ 30% ᠪᠠᠶᠢᠵᠤ᠂ ᠨᠥᠬᠦᠪᠦᠷᠢ ᠶᠢᠨ ᠲᠤᠭ᠎ᠠ ᠶᠢᠨ ᠳᠡᠭᠡᠳᠦ ᠬᠢᠵᠠᠭᠠᠷ ᠨᠢ 1.5 ᠲᠦᠮᠡᠨ | ᠲᠥᠭᠦᠷᠢᠭ ᠪᠣᠯᠣᠨ᠎ᠠ᠃ | ᠰᠤᠷᠪᠤᠯᠵᠢᠯᠠᠭᠴᠢ᠄ ᠬᠡᠷᠡᠭᠵᠢᠭᠦᠯᠬᠦ ᠲᠥᠰᠥᠯ ᠤᠨ ᠨᠥᠬᠦᠪᠦᠷᠢ ᠮᠥᠩᠭᠦ ᠨᠢ ᠬᠠᠮᠢᠭ᠎ᠠ ᠠᠴᠠ ᠢᠷᠡᠯᠲᠡ ᠲᠠᠢ ᠪᠣᠶ︖ | ᠨᠥᠬᠦᠪᠦᠷᠢ ᠶᠢᠨ ᠬᠡᠪᠴᠢᠶ᠎ᠡ | ᠰᠣᠷᠪᠤᠯᠵᠢᠯᠠᠭ᠎ᠠ ᠬᠦᠯᠢᠶᠡᠭᠴᠢ᠄ ᠪᠡᠯᠡ ᠮᠥᠩᠭᠦ ᠶᠢᠨ ᠢᠷᠡᠯᠲᠡ ᠨᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠪᠣᠯᠣᠨ᠎ᠠ᠂ ᠨᠡᠶᠢᠲᠡ 165 ᠲᠦᠮᠡᠨ ᠲᠥᠭᠦᠷᠢᠭ ᠪᠣᠯᠣᠨ᠎ᠠ᠃ | ᠰᠤᠷᠪᠤᠯᠵᠢᠯᠠᠭᠴᠢ᠄ ᠵᠥᠪᠬᠡᠨ ᠵᠢᠱᠢᠶ᠎ᠡ ᠦᠵᠡᠭᠦᠯᠬᠦ ᠭᠠᠴᠠᠭ᠎ᠠ ᠪᠣᠯ ᠰᠠᠶ᠋ᠢ ᠨᠥᠬᠦᠪᠦᠷᠢ ᠭᠥᠷᠳᠡᠵᠦ ᠪᠣᠯᠣᠨ᠎ᠠ ᠦᠦ︖ | | ᠰᠣᠷᠪᠤᠯᠵᠢᠯᠠᠭ᠎ᠠ ᠬᠦᠯᠢᠶᠡᠭᠴᠢ᠄ 2024 ᠣᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ | ᠤ ᠵᠢᠱᠢᠶ᠎ᠡ ᠦᠵᠡᠭᠦᠯᠬᠦ ᠭᠠᠴᠠᠭ᠎ᠠ ᠪᠠᠷ ᠭᠤᠣᠯ ᠪᠤᠯᠭᠠᠨ᠎ᠠ᠂ ᠬᠡᠷᠪᠡ ᠵᠢᠱᠢᠶ᠎ᠡ ᠦᠵᠡᠭᠦᠯᠬᠦ ᠭᠠᠴᠠᠭ᠎ᠠ ᠶᠢᠨ ᠮᠠᠰᠢᠨ | ᠬᠤᠳᠠᠯᠳᠤᠨ ᠠᠪᠬᠤ ᠳᠤ ᠨᠦᠬᠦᠪᠦᠷᠢ ᠨᠢ ᠦᠯᠡᠳᠡᠪᠦᠷᠢ ᠲᠠᠢ ᠪᠠᠶᠢᠪᠠᠯ᠂ ᠨᠥᠬᠦᠪᠦᠷᠢ ᠣᠯᠭᠤᠬᠤ ᠡᠲᠡᠭᠡᠳ ᠢ ᠪᠥᠬᠦ | ᠬᠤᠰᠢᠭᠤᠨ ᠤ ᠪᠤᠰᠤᠳ ᠭᠠᠴᠠᠭ᠎ᠠ ᠲᠣᠰᠬᠤᠨ ᠤ ᠲᠠᠷᠢᠶᠠᠯᠠᠩ ︵ᠮᠠᠯ ᠠᠵᠤ ᠠᠬᠤᠢ︶ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠮᠠᠰᠢᠨ ᠬᠤᠳᠠᠯᠳᠤᠨ ᠠᠪᠤᠭᠴᠢ ᠳᠤ ᠬᠦᠷᠲᠡᠯ᠎ᠡ ᠥᠷᠭᠡᠳᠬᠡᠵᠦ ᠪᠣᠯᠣᠨ᠎ᠠ᠃ | | | | | | | | | | | | |