ᠣᠶᠤᠲᠠᠳ ᠤᠨ ᠠᠵᠢᠯ ᠣᠯᠬᠤ ᠤᠯᠠᠷᠢᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠤᠨ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠬᠦᠷᠴᠦ ᠢᠷᠡᠬᠦ ᠪᠠᠷ᠂ ᠣᠨᠳᠣᠣ ᠭᠠᠵᠠᠷ ᠲᠤ | ᠠᠵᠢᠯ ᠣᠯᠣᠭᠰᠠᠨ ᠪᠤᠶᠤ ᠣᠷᠳᠣ ᠬᠤᠭᠤᠴᠠᠭ᠎ᠠ ᠪᠠᠷ ᠪᠤᠰᠤᠳ ᠭᠠᠵᠠᠷ ᠲᠤ ᠰᠠᠭᠤᠷᠢᠰᠢᠭᠰᠠᠨ ᠵᠡᠷᠭᠡ ᠪᠠᠶᠢᠳᠠᠯ ᠠᠴᠠ | ᠪᠣᠯᠵᠤ ᠳᠠᠭᠠᠳᠬᠠᠯ ᠳᠤ ᠣᠷᠣᠯᠴᠠᠬᠤ ᠭᠠᠵᠠᠷ ᠢᠶᠠᠨ ᠬᠤᠪᠢᠷᠠᠭᠤᠯᠬᠤ ᠳᠤ᠂ ᠤᠤᠯ ᠤᠨ ᠳᠠᠭᠠᠳᠬᠠᠯ ᠳᠤ ᠣᠷᠣᠯᠴᠠᠭᠰᠠᠨ | ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠲᠦᠷ ᠵᠣᠭᠰᠤᠭᠠᠬᠤ | ᠴᠢᠬᠤᠯᠠᠲᠠᠢ ᠪᠠᠶᠢᠳᠠᠭ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶᠠᠨ ᠤ ᠲᠠᠨᠢᠯᠴᠠᠭᠤᠯᠤᠭᠰᠠᠨ ᠢᠶᠠᠷ᠂ ᠡᠲᠡᠭᠡᠷ ᠰᠠᠭᠤᠭᠠᠯᠢ ᠠᠷᠠᠳ ᠤᠨ ᠣᠨᠳᠣᠣ ᠭᠠᠵᠠᠷ ᠲᠤ ᠳᠠᠭᠠᠳᠬᠠᠯ ᠳᠤ | ᠣᠷᠣᠯᠴᠠᠬᠤ ᠳᠤ ᠳᠥᠭᠦᠮᠯᠡᠬᠦ ᠶᠢᠨ ᠲᠥᠯᠥᠭᠡ᠂ 2024 ᠣᠨ ᠤ 10 ᠳ᠋ᠤᠭᠠᠷ ᠰᠠᠷ᠎ᠠ ᠠᠴᠠ ᠡᠬᠢᠯᠡᠨ᠂ ᠥᠪᠥᠷ | ᠮᠣᠩᠭᠤᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠭᠠᠷ | ᠤᠲᠠᠰᠤᠨ ᠤ ᠦᠵᠦᠭᠦᠷ ᠢᠶᠠᠷ ︽ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠤᠭᠠᠬᠤ︾ ᠶᠢ ᠭᠦᠢᠴᠡᠳᠬᠡᠵᠦ | ᠪᠣᠯᠣᠨ᠎ᠠ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠤᠭᠠᠬᠤ | ᠴᠤᠪᠤᠷᠠᠯ | ᠭᠦᠢᠴᠡᠳᠭᠡᠭᠴᠢ ᠨᠢ ᠤᠯᠤᠰ ᠤᠨ ᠡᠮᠴᠢᠯᠡᠭᠡᠨ ᠤ ᠪᠠᠲᠤᠯᠠᠭ᠎ᠠ App - ᠥᠪᠥᠷ ᠮᠣᠩᠭᠤᠯ ᠲᠤᠰᠬᠠᠢ ᠲᠣᠭᠤᠷᠢᠭ᠂ | ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ App᠂ ᠸᠢᠴᠠᠲ ᠪᠤᠶᠤ ᡁᠢ ᠹᠦ᠋ ᠪᠣᠣ ᠳᠠᠬᠢ ︽ᠥᠪᠥᠷ | ᠮᠣᠩᠭᠤᠯ ᠤᠨ ᠡᠮᠴᠢᠯᠡᠭᠡᠨ ᠤ ᠪᠠᠲᠤᠯᠠᠭ᠎ᠠ︾ ᠵᠢᠵᠢᠭ ᠫᠷᠣᠭ᠍ᠷᠠᠮ ᠵᠡᠷᠭᠡ ᠠᠷᠭ᠎ᠠ ᠵᠠᠮ ᠢᠶᠠᠷ ︽ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠤᠭᠠᠬᠤ︾ ᠲᠤᠬᠠᠶᠢᠯᠠᠭᠰᠠᠨ ᠠᠵᠢᠯ ᠢ | ᠭᠦᠢᠴᠡᠳᠬᠡᠵᠦ ᠪᠣᠯᠣᠨ᠎ᠠ᠃ | ᠠᠯᠬᠤᠮ ᠨᠢᠭᠡ | ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠤᠭᠠᠬᠤ︾ | ᠴᠢᠳᠠᠮᠵᠢ ᠶᠢᠨ ᠬᠡᠰᠡᠭ ᠠᠴᠠ ᠡᠬᠢᠯᠡᠵᠦ ᠠᠵᠢᠯᠯᠠᠨ᠎ᠠ᠃ | | | | | ᠠᠯᠬᠤᠮ ᠬᠤᠶᠠᠷ | ᠬᠤᠪᠢ ᠬᠥᠮᠥᠨ ᠤ ᠠᠮᠠᠯᠠᠯᠲᠠ ᠶᠢ ᠤᠩᠰᠢᠭᠠᠳ ᠭᠠᠷ ᠤᠨ ᠦᠰᠦᠭ ᠵᠢᠷᠤᠨ᠎ᠠ᠃ | | | | ᠠᠯᠬᠤᠮ ᠭᠤᠷᠪᠠ | ︽ᠲᠦᠷ ᠵᠣᠭᠰᠤᠭᠠᠬᠤ ᠰᠢᠯᠲᠠᠭᠠᠨ︾ ᠢᠶᠠᠨ ᠰᠣᠩᠭᠤᠭᠠᠳ ᠲᠤᠰᠢᠶᠠᠨ᠎ᠠ᠃ | | | | ᠠᠯᠬᠤᠮ ᠳᠥᠷᠪᠡ | ᠠᠮᠵᠢᠯᠲᠠ ᠲᠠᠢ ᠲᠤᠰᠢᠶᠠᠪᠠᠯ ᠳᠠᠷᠤᠢ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠢᠶᠠᠷ ᠪᠣᠳᠣᠵᠤ᠂ ᠬᠢᠨᠠᠨ | ᠬᠠᠷᠭᠤᠭᠤᠯᠬᠤ ᠴᠢᠬᠤᠯᠠ ᠦᠭᠡᠢ᠃ | | | ᠭᠠᠷ ᠤᠲᠠᠰᠤᠨ ᠳᠡᠭᠡᠷ᠎ᠡ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠭᠰᠠᠨ ᠤ ᠳᠠᠷᠠᠭ᠎ᠠ᠂ ᠰᠢᠯᠵᠢᠭᠦᠯᠬᠦ | ᠭᠡᠵᠦ ᠪᠠᠶᠢᠭ᠎ᠠ ᠭᠠᠵᠠᠷ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠬᠠᠷᠢᠯᠴᠠᠵᠤ ᠪᠠᠶᠢᠭᠠᠳ | ᠳᠠᠭᠠᠳᠬᠠᠯ ᠳᠤ ᠣᠷᠣᠯᠴᠠᠬᠤ ᠬᠠᠷᠢᠴᠠᠭᠠᠨ ᠤ ᠰᠢᠨ᠎ᠡ ᠳᠠᠩᠰᠠᠯᠠᠯᠲᠠ ᠪᠠᠨ ᠭᠦᠢᠴᠡᠳᠬᠡᠨ᠎ᠡ᠃ |