ᠨᠢᠭᠡ᠂ ᠲᠥᠯᠦᠪᠵᠢᠭᠦᠯᠭᠡ ᠶᠢᠨ ᠶᠡᠷᠦᠩᠬᠡᠢ ᠳᠦᠷᠢᠮ | ︵ᠨᠢᠭᠡ︶ ᠵᠢᠯᠤᠭᠤᠳᠬᠤ ᠦᠵᠡᠯ ᠰᠠᠨᠠᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ | ᠪᠠᠲᠤ ᠴᠡᠭᠡᠵᠢᠯᠡᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠣᠨᠣᠯᠵᠢᠬᠤᠨ ᠢ ᠲᠤᠤᠱᠯᠠᠭᠤᠯᠤᠨ᠂ ᠬᠥᠭᠵᠢᠯᠲᠡ | ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ | ᠨᠡᠭᠡᠭᠡᠯᠲᠡᠲᠡᠢ᠂ ᠬᠠᠮᠲᠤᠪᠠᠷ ᠭᠥᠷᠳᠡᠬᠦ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ | ᠥᠪᠥᠷ ᠮᠣᠩᠭᠤᠯ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠡᠬᠡ ᠤᠯᠤᠰ ᠤᠨ ᠤᠮᠠᠷᠠᠲᠤ ᠬᠢᠯᠢ ᠳᠤ ᠲᠦᠮᠡᠨ | ᠭᠠᠵᠠᠷ ᠤᠨ ᠨᠣᠭᠤᠭᠠᠨ ᠣᠷᠳᠣ ᠴᠠᠭᠠᠨ ᠬᠡᠷᠡᠮ ᠢ ᠴᠣᠭᠴᠠᠯᠠᠨ ᠪᠠᠶᠢᠭᠤᠯᠤᠨ᠎ᠠ᠃ | ︵ᠬᠤᠶᠠᠷ︶ ᠲᠥᠯᠦᠪᠵᠢᠭᠦᠯᠭᠡ ᠶᠢᠨ ᠵᠠᠷᠴᠢᠮ ᠨᠢ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠦᠭᠡᠢ ᠪᠠᠷ ᠬᠥᠭᠵᠢᠭᠦᠯᠬᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠵᠣᠬᠢᠴᠠᠩᠭᠤᠢ ᠪᠠᠷ ᠬᠥᠭᠵᠢᠭᠦᠯᠬᠦ᠂ | ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ᠂ ᠴᠢᠩᠭ᠎ᠠ ᠬᠠᠮᠢᠶᠠᠷᠤᠨ ᠡᠵᠡᠮᠳᠡᠬᠦ᠂ ᠬᠥᠮᠥᠨ ᠢᠶᠠᠷ | ᠦᠨᠳᠦᠰᠦ ᠪᠣᠯᠭᠠᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ᠂ ᠥᠪᠡᠷᠮᠢᠴᠡ ᠣᠨᠴᠠᠯᠢᠭ ᠲᠠᠢ᠂ ᠣᠶᠤᠨᠴᠢ ᠪᠠᠷ ᠲᠥᠯᠥᠪᠵᠢᠭᠦᠯᠬᠦ᠂ ᠥᠨᠳᠥᠷ ᠦᠷ᠎ᠡ | ᠪᠦᠲᠦᠮᠵᠢᠲᠡᠶ ᠪᠠᠷ ᠵᠠᠰᠠᠬᠤ ᠶᠢ ᠪᠣᠶ ᠪᠣᠯᠭᠠᠨ᠎ᠠ᠃ | ︵ᠭᠤᠷᠪᠠ︶ ᠲᠥᠯᠦᠪᠵᠢᠭᠦᠯᠭᠡ ᠶᠢᠨ ᠬᠡᠪᠴᠢᠶ᠎ᠡ ᠪᠠ ᠬᠤᠭᠤᠴᠠᠭ᠎ᠠ ᠬᠢᠵᠠᠭᠠᠷ᠃ ᠲᠥᠯᠦᠪᠵᠢᠭᠦᠯᠭᠡ ᠶᠢᠨ | ᠬᠡᠪᠴᠢᠶ᠎ᠡ ᠪᠣᠯ ᠪᠠᠷᠠᠭᠤᠨ ᠦᠵᠦᠮᠦᠴᠢᠨ ᠬᠤᠰᠢᠭᠤᠨ ᠤ ᠬᠡᠪᠴᠢᠶᠡᠨ ᠳᠠᠬᠢ ᠪᠥᠬᠦ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠳᠤ ᠬᠡᠷᠡᠭᠯᠡᠬᠦ ᠭᠠᠵᠠᠷ ᠪᠣᠯᠣᠨ᠎ᠠ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ | ᠲᠠᠯᠠᠪᠠᠶ ᠨᠢ 22462.44 ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃ ᠲᠣᠰ ᠲᠥᠯᠦᠪᠵᠢᠭᠦᠯᠭᠡ ᠳᠤ ᠪᠠᠷᠠᠭᠤᠨ | ᠦᠵᠦᠮᠦᠴᠢᠨ ᠬᠤᠰᠢᠭᠤᠨ ᠤ ᠣᠷᠣᠨ ᠪᠦᠰᠡ ᠪᠠ ᠬᠤᠲᠠ ᠶᠢᠨ ᠲᠣᠭᠤᠷᠢᠭ ᠭᠡᠬᠦ ᠬᠤᠶᠠᠷ ᠲᠠᠰ ᠳᠠᠪᠬᠤᠷᠭ᠎ᠠ ᠶᠢ | ᠪᠠᠭᠲᠠᠭᠠᠵᠤ᠂ ᠪᠥᠬᠦ ᠣᠷᠣᠨ ᠪᠦᠰᠡ ᠪᠥᠬᠦ ᠬᠦᠴᠦᠨ ᠵᠦᠢᠯ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠤᠨ | ᠡᠵᠡᠮᠳᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠬᠠᠮᠠᠭᠠᠯᠠᠵᠤ ᠨᠡᠭᠡᠭᠡᠨ ᠬᠥᠭᠵᠢᠭᠦᠯᠬᠦ ᠶᠡᠷᠦᠩᠬᠡᠢ | ᠪᠠᠶᠢᠷᠢᠰᠢᠯ ᠢ ᠭᠤᠣᠯᠳᠠᠯᠭ᠎ᠠ ᠲᠠᠢ ᠪᠠᠷ ᠲᠥᠯᠥᠪᠵᠢᠭᠦᠯᠦᠨ᠎ᠡ᠃ ᠲᠤᠰ ᠲᠥᠯᠦᠪᠵᠢᠭᠦᠯᠭᠡ ᠳᠤ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢ ᠬᠠᠮᠠᠭᠠᠯᠠᠵᠤ ᠨᠡᠭᠡᠭᠡᠨ ᠬᠥᠭᠵᠢᠭᠦᠯᠬᠦ ᠶᠡᠷᠦᠩᠬᠡᠢ ᠪᠠᠶᠢᠷᠢᠰᠢᠯ ᠢ ᠭᠤᠣᠯᠳᠠᠯᠭ᠎ᠠ ᠲᠠᠢ ᠪᠠᠷ | ᠲᠥᠯᠥᠪᠵᠢᠭᠦᠯᠦᠨ᠎ᠡ᠃ ᠲᠥᠪ ᠬᠤᠳᠠ ᠶᠢᠨ ᠲᠣᠭᠤᠷᠢᠭ ᠤᠨ ᠬᠢᠨ ᠴᠢᠳᠠᠪᠬᠢ ᠶᠢᠨ ᠪᠠᠶᠢᠷᠢᠰᠢᠭᠤᠯᠤᠯᠲᠠ ᠶᠢ | ᠨᠠᠷᠢᠯᠢᠭᠵᠢᠭᠤᠯᠵᠤ᠂ ᠲᠥᠯᠦᠪᠵᠢᠭᠦᠯᠭᠡ ᠳᠤ ᠪᠦᠲᠦᠴᠡ ᠶᠢ ᠰᠢᠯᠢᠳᠡᠭᠵᠢᠬᠦᠯᠦᠨ᠎ᠡ᠃ ᠲᠥᠯᠦᠪᠵᠢᠭᠦᠯᠭᠡ ᠶᠢᠨ | ᠬᠤᠭᠤᠴᠠᠭ᠎ᠠ ᠶᠢᠨ ᠬᠠᠷᠠᠯᠲᠠ ᠶᠢᠨ ᠣᠨ ᠨᠢ 2035 ᠣᠨ᠂ ᠣᠶᠢᠷ᠎ᠠ ᠶᠢᠨ ᠬᠤᠭᠤᠴᠠᠭ᠎ᠠ ᠠᠴᠠ 2025 ᠣᠨ | ᠪᠣᠯᠲᠠᠯ᠎ᠠ᠂ ᠠᠯᠤᠰ ᠤᠨ ᠲᠥᠯᠥᠪ ᠢ 2050 ᠣᠨ ᠪᠣᠯᠲᠠᠯ᠎ᠠ ᠳᠦᠯᠦᠪᠯᠡᠨᠡ᠃ | ᠬᠤᠶᠠᠷ᠂ ᠶᠡᠷᠦᠩᠬᠡᠢ ᠪᠠᠶᠢᠷᠢ ᠲᠣᠭᠲᠠᠭᠠᠯᠲᠠ ᠶᠢᠨ ᠬᠠᠷᠠᠯᠲᠠ ᠬᠢᠭᠡᠳ ᠪᠠᠶᠢᠯᠳᠤᠬᠤ ᠪᠣᠳᠣᠯᠭ᠎ᠠ | ︵ᠨᠢᠭᠡ︶ ᠶᠡᠷᠦᠩᠬᠡᠢ ᠪᠠᠶᠢᠷᠢ ᠲᠣᠭᠲᠠᠭᠠᠯᠲᠠ ᠶᠢᠨ ᠲᠥᠯᠦᠪᠵᠢᠭᠦᠯᠭᠡ ᠳᠤ ᠳᠡᠭᠡᠳᠦ ᠪᠠᠶᠢᠷᠢ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠣᠷᠣᠨ ᠪᠦᠰᠡ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠵᠠᠷᠴᠢᠮ | ᠶᠣᠰᠣᠭᠠᠷ᠂ ᠪᠠᠷᠠᠭᠤᠨ ᠦᠵᠦᠮᠦᠴᠢᠨ ᠬᠤᠰᠢᠭᠤᠨ ᠤ ᠶᠡᠷᠦᠩᠬᠡᠢ ᠪᠠᠶᠢᠷᠢ ᠲᠣᠭᠲᠠᠭᠠᠯᠲᠠ ᠶᠢ᠄ ᠤᠮᠠᠷᠠᠲᠤ ᠶᠢᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠴᠢᠬᠤᠯᠠ ᠵᠠᠩᠭᠢᠯᠠᠭ᠎ᠠ ᠶᠢᠨ ᠴᠡᠭ᠂ ᠥᠪᠥᠷ ᠮᠣᠩᠭᠤᠯ ᠤᠨ | ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠨᠡᠪᠲᠡᠷᠡᠬᠦ ᠵᠠᠮ᠂ ᠥᠪᠥᠷ | ᠮᠣᠩᠭᠤᠯ ︵ᠵᠡᠭᠦᠨ ᠬᠡᠰᠡᠭ︶ ᠤᠨ ᠡᠨᠧᠷᠭᠢ ᠵᠢᠴᠢ ᠨᠡᠭᠦᠷᠡᠰᠦ ᠴᠠᠬᠢᠯᠭᠠᠨ ᠲᠡᠮᠦᠷᠯᠢᠭ ᠪᠣᠯᠪᠠᠰᠤᠷᠠᠭᠤᠯᠬᠤ ᠡᠷᠭᠢᠯᠲᠡᠲᠦ | ᠠᠵᠤ ᠦᠢᠯᠡᠰ ᠤᠨ ᠰᠠᠭᠤᠷᠢᠨ ᠭᠠᠵᠠᠷ᠂ ᠥᠪᠥᠷ ᠮᠣᠩᠭᠤᠯ ᠤᠨ ᠮᠠᠯ ᠪᠡᠯᠴᠢᠭᠡᠷ ᠤᠨ ᠠᠵᠤ ᠦᠢᠯᠡᠰ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ᠂ ᠥᠪᠥᠷ ᠮᠣᠩᠭᠤᠯ ᠤᠨ ᠪᠥᠬᠦ ᠣᠷᠣᠨ ᠪᠦᠰᠡ ᠶᠢᠨ ᠲᠠᠯ᠎ᠠ ᠨᠤᠲᠤᠭ ᠤᠨ | ᠵᠢᠭᠤᠯᠴᠢᠯᠠᠯ ᠤᠨ ᠦᠵᠡᠮᠵᠢᠲᠦ ᠣᠷᠣᠨ ᠭᠡᠵᠦ ᠲᠣᠭᠲᠠᠭᠠᠪᠠ᠃ | ︵ᠬᠤᠶᠠᠷ︶ ᠲᠥᠯᠦᠪᠵᠢᠭᠦᠯᠭᠡ ᠶᠢᠨ ᠬᠠᠷᠠᠯᠲᠠ ᠶᠢ 2025 ᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠦᠷ᠎ᠡ ᠪᠦᠲᠦᠭᠡᠯ ᠢ ᠬᠡᠷᠡᠭᠵᠢᠭᠦᠯᠦᠨ ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢ ᠬᠠᠮᠠᠭᠠᠯᠠᠵᠤ ᠨᠡᠭᠡᠭᠡᠨ ᠠᠰᠢᠭᠯᠠᠬᠤ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠬᠦᠯᠦᠨ᠎ᠡ | ᠃ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠴᠢᠬᠤᠯᠠ ᠵᠠᠩᠭᠢᠯᠠᠭ᠎ᠠ ᠶᠢᠨ ᠴᠢᠭ᠂ | ᠥᠪᠥᠷ ᠮᠣᠩᠭᠤᠯ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ | ᠨᠡᠪᠲᠡᠷᠡᠬᠦ ᠵᠠᠮ᠂ ᠥᠪᠥᠷ ᠮᠣᠩᠭᠤᠯ ︵ᠵᠡᠭᠦᠨ ᠬᠡᠰᠡᠭ︶ ᠤᠨ ᠡᠨᠧᠷᠭᠢ ᠵᠢᠴᠢ ᠨᠡᠭᠦᠷᠡᠰᠦ ᠴᠠᠬᠢᠯᠭᠠᠨ ᠲᠡᠮᠦᠷᠯᠢᠭ | ᠪᠣᠯᠪᠠᠰᠤᠷᠠᠭᠤᠯᠬᠤ ᠡᠷᠭᠢᠯᠲᠡᠲᠦ ᠠᠵᠤ ᠦᠢᠯᠡᠰ ᠤᠨ ᠰᠠᠭᠤᠷᠢᠨ ᠭᠠᠵᠠᠷ᠂ ᠥᠪᠥᠷ ᠮᠣᠩᠭᠤᠯ ᠤᠨ ᠮᠠᠯ ᠪᠡᠯᠴᠢᠭᠡᠷ ᠤᠨ | ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠥᠪᠥᠷ ᠮᠣᠩᠭᠤᠯ ᠤᠨ ᠪᠥᠬᠦ ᠣᠷᠣᠨ ᠪᠦᠰᠡ ᠶᠢᠨ | ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢᠲᠦ ᠣᠷᠣᠨ ᠤ ᠡᠨᠧᠷᠭᠢ ᠶᠢᠨ ᠲᠠᠰ ᠢ ᠢᠯᠡᠳᠲᠡ ᠳᠡᠭᠡᠭᠰᠢᠯᠡᠭᠦᠯᠵᠦ᠂ | ᠰᠢᠯᠢ ᠶᠢᠨ ᠭᠤᠣᠯ ᠠᠶᠢᠮᠠᠭ ᠤᠨ ᠳᠡᠳ᠋ ᠲᠥᠪ ᠬᠤᠲᠠ ᠶᠢᠨ ᠰᠢᠨ᠎ᠡ ᠪᠠᠶᠢᠷᠢᠰᠢᠯ ᠢ ᠢᠳᠡᠪᠬᠢᠲᠡᠢ ᠴᠣᠭᠴᠠᠯᠠᠨ | ᠬᠥᠭᠵᠢᠭᠦᠯᠦᠨ᠎ᠡ᠃ 2035 ᠣᠨ ᠳᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠢ ᠶᠢ ᠬᠠᠮᠠᠭᠠᠯᠠᠵᠤ ᠨᠡᠭᠡᠭᠡᠨ ᠠᠰᠢᠭᠯᠠᠬᠤ ᠪᠠᠶᠢᠷᠢᠰᠢᠯ ᠢ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢᠨ ᠴᠢᠬᠤᠯᠠ ᠵᠠᠩᠭᠢᠯᠠᠭ᠎ᠠ ᠶᠢᠨ ᠴᠢᠭ᠂ ᠥᠪᠥᠷ ᠮᠣᠩᠭᠤᠯ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ | ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠨᠡᠪᠲᠡᠷᠡᠬᠦ ᠵᠠᠮ᠂ ᠥᠪᠥᠷ ᠮᠣᠩᠭᠤᠯ ᠤᠨ ᠡᠨᠧᠷᠭᠢ ᠵᠢᠴᠢ ᠨᠡᠭᠦᠷᠡᠰᠦ | ᠴᠠᠬᠢᠯᠭᠠᠨ ᠲᠡᠮᠦᠷᠯᠢᠭ ᠪᠣᠯᠪᠠᠰᠤᠷᠠᠭᠤᠯᠬᠤ ᠡᠷᠭᠢᠯᠲᠡᠲᠦ ᠠᠵᠤ ᠦᠢᠯᠡᠰ ᠤᠨ ᠰᠠᠭᠤᠷᠢᠨ ᠭᠠᠵᠠᠷ᠂ ᠥᠪᠥᠷ | ᠮᠣᠩᠭᠤᠯ ᠤᠨ ᠮᠠᠯ ᠪᠡᠯᠴᠢᠭᠡᠷ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠥᠪᠥᠷ | ᠮᠣᠩᠭᠤᠯ ᠤᠨ ᠪᠥᠬᠦ ᠣᠷᠣᠨ ᠪᠦᠰᠡ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢᠲᠦ ᠣᠷᠣᠨ᠂ ᠰᠢᠯᠢ ᠶᠢᠨ | ᠭᠤᠣᠯ ᠠᠶᠢᠮᠠᠭ ᠤᠨ ᠳᠡᠳ᠋ ᠲᠥᠪ ᠬᠤᠲᠠ ᠶᠢ ᠦᠨᠳᠦᠰᠦᠨ ᠳᠡᠭᠡᠨ ᠪᠠᠶᠢᠭᠤᠯᠵᠤ ᠲᠠᠭᠤᠰᠬᠠᠨ᠎ᠠ᠃ 2050 | ᠣᠨ ᠳᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠨᠡᠩ | ᠲᠡᠭᠦᠯᠳᠡᠷᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠬᠠᠮᠠᠭᠠᠯᠠᠵᠤ ᠨᠡᠭᠡᠭᠡᠨ ᠠᠰᠢᠭᠯᠠᠬᠤ | ᠪᠠᠶᠢᠷᠢᠰᠢᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠬᠥᠬᠡᠮᠳᠦᠭ ᠤᠰᠤ ᠬᠥᠬᠡ ᠣᠭᠲᠠᠷᠭᠤᠢ ᠶᠢᠨ ᠠᠮᠢ | ᠠᠬᠤᠢ ᠶᠢᠨ ᠣᠷᠣᠨ ᠵᠠᠢ᠂ ᠠᠮᠤᠷ ᠲᠦᠪᠰᠢᠨ ᠥᠨᠳᠥᠷ ᠪᠦᠲᠦᠮᠵᠢᠲᠡᠢ ᠦᠢᠯᠡᠳᠪᠦᠷᠢᠯᠡᠯ ᠤᠨ ᠣᠷᠣᠨ ᠵᠠᠢ᠂ | ᠲᠠᠭᠠᠯᠠᠮᠵᠢᠲᠠᠢ ᠪᠥᠭᠡᠳ ᠣᠷᠣᠰᠢᠨ ᠰᠠᠭᠤᠬᠤ ᠳᠤ ᠲᠠᠭᠠᠯᠠᠮᠵᠢᠲᠠᠢ ᠠᠮᠢᠳᠤᠷᠠᠯ ᠤᠨ ᠣᠷᠣᠨ ᠵᠠᠢ ᠶᠢ ᠪᠦᠷᠢᠯᠳᠦᠭᠦᠯᠵᠦ᠂ | ᠪᠦᠷᠢᠨ ᠲᠡᠭᠦᠯᠳᠡᠷ ᠣᠳᠣᠬᠢᠴᠢᠯᠠᠭᠰᠠᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠦᠷᠢᠯᠳᠦᠭᠦᠯᠵᠦ᠂ ᠪᠠᠶᠠᠨ | ᠬᠦᠴᠦᠷᠬᠡᠭ᠂ ᠠᠷᠠᠳᠴᠢᠯᠠᠭᠰᠠᠨ᠂ ᠪᠣᠯᠪᠠᠰᠤᠨ᠂ ᠡᠶ᠎ᠡ ᠵᠣᠬᠢᠴᠠᠩᠭᠤᠢ᠂ ᠪᠣᠬᠢᠷᠲᠤᠯ ᠦᠭᠡᠢ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠦᠴᠦᠷᠬᠡᠭ ᠲᠤᠭ ᠢ ᠪᠦᠬᠦ ᠲᠠᠯ᠎ᠠ ᠪᠠᠷ ᠪᠠᠶᠢᠭᠤᠯᠤᠨ᠎ᠠ᠃ | ︵ᠭᠤᠷᠪᠠ︶ ᠬᠠᠮᠠᠭᠠᠯᠠᠵᠤ ᠨᠡᠭᠡᠭᠡᠨ ᠬᠥᠭᠵᠢᠭᠦᠯᠬᠦ ᠠᠷᠭ᠎ᠠ ᠪᠣᠳᠣᠯᠭ᠎ᠠ᠃ ᠠᠷᠭ᠎ᠠ ᠪᠣᠳᠣᠯᠭ᠎ᠠ ᠨᠢᠭᠡ᠂ ᠠᠮᠢ | ᠠᠬᠤᠢ ᠶᠢ ᠬᠠᠮᠠᠭᠠᠯᠠᠵᠤ ᠵᠠᠰᠠᠬᠤ ᠠᠷᠭ᠎ᠠ ᠪᠣᠳᠣᠯᠭ᠎ᠠ᠃ ︽ᠨᠢᠭᠡ ᠬᠠᠯᠬᠠᠪᠴᠢ᠂ ᠬᠤᠶᠠᠷ ᠲᠣᠭᠤᠷᠢᠭ᠂ ᠵᠢᠷᠭᠤᠭᠠᠨ | ᠬᠤᠩᠭᠢᠯ᠂ ᠤᠯᠠᠨ ᠵᠠᠩᠭᠢᠯᠠᠭ᠎ᠠ ᠶᠢᠨ ᠴᠡᠭ︾ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ | ᠠᠬᠤᠢ ᠶᠢᠨ ᠬᠠᠮᠠᠭᠠᠯᠠᠯᠲᠠ ᠶᠢᠨ ᠪᠠᠶᠢᠷᠢᠰᠢᠯ ᠢ ᠪᠠᠶᠢᠭᠤᠯᠤᠨ᠎ᠠ᠃ ︽ᠠᠮᠢ ᠠᠬᠤᠢ ᠪᠠᠷ ᠰᠠᠭᠤᠷᠢ ᠪᠣᠯᠭᠠᠭᠰᠠᠨ᠂ | ᠠᠭᠤᠯᠠ ᠤᠰᠤ ᠬᠤᠲᠠ ᠳᠤ ᠣᠷᠣᠭᠰᠠᠨ ᠬᠤᠲᠠ ᠬᠥᠳᠡᠭᠡ ᠶᠢᠨ ᠥᠩᠭᠡ ᠦᠵᠡᠮᠵᠢ ᠶᠢ ᠪᠣᠶ ᠪᠣᠯᠭᠠᠨ᠎ᠠ︾᠃ | ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠶᠢ ᠰᠢᠰᠲ᠋ᠧᠮ ᠲᠠᠢ | ᠵᠠᠰᠠᠬᠤ ᠶᠢ ᠲᠦᠯᠬᠢᠨ ᠠᠬᠢᠭᠤᠯᠵᠤ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ | ᠴᠢᠬᠤᠯᠠ ᠵᠠᠩᠭᠢᠯᠠᠭ᠎ᠠ ᠶᠢᠨ ᠴᠡᠭ ᠢ ᠪᠠᠶᠢᠭᠤᠯᠤᠨ᠎ᠠ᠃ ᠠᠷᠭ᠎ᠠ ᠪᠣᠳᠣᠯᠭ᠎ᠠ ᠬᠤᠶᠠᠷ᠂ ᠣᠷᠣᠨ ᠪᠦᠰᠡ ᠶᠢᠨ | ᠨᠡᠭᠡᠭᠡᠯᠲᠡ ᠶᠢᠨ ᠬᠠᠮᠵᠢᠯᠴᠠᠬᠤ ᠠᠷᠭ᠎ᠠ ᠪᠣᠳᠣᠯᠭ᠎ᠠ᠃ ᠳᠠᠪᠠᠭᠤᠯᠢᠭ ᠪᠦᠲᠦᠭᠡᠭᠳᠡᠬᠦᠨ ᠤ ᠬᠠᠩᠭᠠᠯᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ | ᠬᠤᠳᠠᠯᠳᠤᠭ᠎ᠠ ᠡᠳ᠋ ᠪᠠᠷᠠᠭᠠᠨ ᠤ ︽ᠬᠢᠯᠢ ᠬᠢᠵᠠᠭᠠᠷ ᠲᠡᠯᠡᠶ ᠲᠠᠩᠭᠢᠰ ᠲᠤ ᠨᠡᠪᠲᠡᠷᠡᠬᠦ︾ ᠶᠡᠷᠦᠩᠬᠡᠶᠢᠯᠡᠭᠰᠡᠨ | ᠬᠤᠯᠪᠤᠭᠠᠯᠠᠨ ᠨᠡᠪᠲᠡᠷᠡᠯᠴᠡᠬᠦ ᠵᠠᠮ ᠱᠤᠭᠤᠮ ᠢ ᠳᠡᠭᠡᠭᠰᠢᠯᠡᠭᠦᠯᠵᠦ᠂ ᠭᠠᠳᠠᠭᠠᠳᠤ ᠳᠤ ᠨᠡᠪᠲᠡᠷᠡᠬᠦ ᠪᠠ ᠬᠠᠮᠵᠢᠯᠴᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠷᠭ᠎ᠠ ᠪᠣᠳᠣᠯᠭ᠎ᠠ ᠭᠤᠷᠪᠠ᠂ ᠪᠦᠬᠦ ᠬᠡᠪᠴᠢᠶᠡᠨ ᠤ ᠪᠦᠬᠦ ᠤᠯᠠᠷᠢᠯ ᠤᠨ | ᠵᠢᠭᠤᠯᠴᠢᠯᠠᠯ ᠤᠨ ᠠᠷᠭ᠎ᠠ ᠪᠣᠳᠣᠯᠭ᠎ᠠ᠃ ᠪᠠᠷᠠᠭᠤᠨ ᠦᠵᠦᠮᠦᠴᠢᠨ ᠬᠤᠰᠢᠭᠤ ᠬᠢᠭᠡᠳ ᠰᠢᠯᠢᠩᠬᠤᠲᠠ ᠶᠢᠨ ᠪᠥᠬᠦ | ᠣᠷᠣᠨ ᠪᠦᠰᠡ ᠶᠢᠨ ᠵᠢᠭᠤᠯᠴᠢᠯᠠᠯ ᠢ ᠨᠢᠭᠡ ᠴᠣᠭᠴᠠᠵᠢᠭᠤᠯᠬᠤ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠪᠠᠷᠠᠭᠤᠨ | ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠦᠢᠯᠡᠴᠢᠯᠡᠭᠡᠨ ᠤ ᠳᠡᠳ᠋ ᠲᠥᠪ ᠪᠠᠶᠢᠭᠤᠯᠬᠤ ᠶᠢ ᠠᠬᠢᠭᠤᠯᠤᠨ᠎ᠠ᠃ ︽ | ᠨᠢᠭᠡ ᠲᠥᠪ᠂ ᠬᠤᠶᠠᠷ ᠲᠡᠩᠭᠡᠯᠢᠭ᠂ ᠵᠢᠷᠭᠤᠭᠠᠨ ᠴᠥᠮ᠎ᠡ᠂ ᠲᠠᠪᠤᠨ ᠣᠷᠣᠨ︾ ᠤ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ ᠠᠷᠭ᠎ᠠ ᠪᠤᠳᠤᠯᠭ᠎ᠠ ᠳᠦᠷᠪᠡ᠂ ᠳᠣᠣᠷ᠎ᠠ | ᠨᠡᠭᠦᠷᠡᠰᠦᠲᠥ᠋ᠷᠥᠭᠴᠢᠲᠦ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠪᠣᠳᠣᠯᠭ᠎ᠠ ᠃ ᠥᠪᠥᠷ ᠮᠣᠩᠭᠤᠯ ᠤᠨ ᠪᠡᠯᠴᠢᠭᠡᠷ | ᠮᠠᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠡᠬᠢ ᠪᠠᠶᠠᠯᠢᠭ ᠡᠨᠧᠷᠭᠢ ᠶᠢ | ᠶᠡᠷᠦᠩᠬᠡᠶᠢᠯᠡᠨ ᠥᠨᠳᠥᠷ ᠦᠷ᠎ᠡ ᠪᠦᠲᠦᠮᠵᠢᠲᠡᠶ ᠠᠰᠢᠭᠯᠠᠬᠤ ᠶᠢ ᠠᠬᠢᠭᠤᠯᠵᠤ᠂ ᠥᠪᠥᠷ ᠮᠣᠩᠭᠤᠯ ᠤᠨ ᠡᠨᠧᠷᠭᠢ ᠵᠢᠴᠢ | ᠨᠡᠭᠦᠷᠡᠰᠦ ᠴᠠᠬᠢᠯᠭᠠᠨ ᠲᠡᠮᠦᠷᠯᠢᠭ ᠪᠣᠯᠪᠠᠰᠤᠷᠠᠭᠤᠯᠬᠤ ᠡᠷᠭᠢᠯᠲᠡᠲᠦ ᠠᠵᠤ ᠦᠢᠯᠡᠰ ᠤᠨ ᠰᠠᠭᠤᠷᠢᠨ ᠭᠠᠵᠠᠷ ᠢ | ᠪᠠᠶᠢᠭᠤᠯᠤᠨ᠎ᠠ᠃ ᠪᠥᠬᠦ ᠠᠶᠢᠮᠠᠭ ᠤᠨ ᠠᠵᠤ ᠦᠢᠯᠡᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢᠨ ᠲᠥᠪ ᠢ ᠪᠦᠷᠢᠯᠳᠦᠭᠦᠯᠬᠦ ᠶᠢ ᠠᠬᠢᠭᠤᠯᠤᠨ᠎ᠠ᠃ | ᠳᠥᠷᠪᠡ᠂ ᠬᠦᠴᠦᠨ ᠵᠦᠢᠯ ᠤᠨ ᠲᠤᠯᠭᠠᠭᠤᠷᠢᠯᠠᠬᠤ ᠰᠢᠰᠲ᠋ᠧᠮ ᠬᠢᠭᠡᠳ ᠠᠮᠤᠷ ᠲᠦᠪᠰᠢᠨ ᠴᠢᠨᠠᠷ | ︵ᠨᠢᠭᠡ︶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠢ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ | ᠂ ᠲᠡᠮᠦᠷ ᠵᠠᠮ᠂ ᠵᠠᠰᠠᠮᠠᠯ ᠵᠠᠮ ᠤᠨ ᠲᠡᠭᠡᠭᠡᠪᠦᠷᠢ ᠶᠢᠨ ᠨᠡᠪᠲᠡᠷᠡᠬᠦ ᠵᠠᠮ ᠢᠶᠠᠷ ᠲᠤᠯᠭᠠᠭᠤᠷᠢᠯᠠᠭᠤᠯᠤᠭᠰᠠᠨ ᠬᠤᠲᠠ ᠶᠢᠨ | ᠭᠠᠳᠠᠭᠠᠳᠤ ᠵᠠᠮ ᠬᠠᠷᠢᠯᠴᠠᠭᠠᠨ ᠤ ᠰᠢᠰᠲ᠋ᠧᠮᠵᠢ ᠶᠢ ᠥᠨᠳᠥᠷ ᠦᠷ᠎ᠡ ᠪᠦᠲᠦᠮᠵᠢᠲᠡᠶ ᠪᠠᠷ ᠪᠠᠶᠢᠭᠤᠯᠤᠨ᠂ ᠡᠯ᠎ᠡ | ᠵᠦᠢᠯ ᠤᠨ ᠲᠡᠭᠡᠭᠡᠪᠦᠷᠢ ᠶᠢᠨ ᠠᠷᠭ᠎ᠠ ᠮᠠᠶ᠋ᠢᠭ ᠢ ᠵᠦᠢ ᠵᠣᠬᠢᠰᠲᠠᠢ ᠲᠣᠬᠢᠷᠠᠭᠤᠯᠬᠤ᠂ ᠥᠨᠳᠥᠷ ᠦᠷ᠎ᠡ | ᠪᠦᠲᠦᠮᠵᠢᠲᠡᠶ ᠪᠠᠷ ᠵᠣᠯᠭᠠᠭᠤᠯᠬᠤ ᠶᠢ ᠠᠬᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠡᠬᠢ ᠪᠠᠶᠠᠯᠢᠭ ᠤᠨ | ᠬᠦᠴᠦᠨ ᠵᠦᠢᠯ ᠤᠨ ᠲᠥᠪᠯᠡᠷᠡᠬᠦ ᠪᠠ ᠲᠠᠷᠬᠠᠬᠤ ᠶᠢ ᠪᠠᠲᠤᠯᠠᠨ᠎ᠠ᠃⒈ᠨᠢᠰᠬᠡᠯ ᠤᠨ ᠪᠠᠭᠤᠳᠠᠯ᠃ ᠰᠢᠯᠢ ᠶᠢᠨ ᠭᠤᠣᠯ | ᠠᠶᠢᠮᠠᠭ ᠤᠨ ᠪᠠᠶ᠋ᠬᠠᠭᠤᠯᠠ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠰᠢᠨ᠎ᠡ ᠪᠠᠷ ᠪᠠᠶᠢᠭᠤᠯᠵᠤ᠂ ᠣᠶᠢᠷ᠎ᠠ | ᠵᠠᠮ ᠤᠨ ᠲᠡᠭᠡᠭᠡᠪᠦᠷᠢ᠂ ᠲᠠᠷᠢᠶᠠᠯᠠᠩ ᠣᠶ ᠰᠢᠭᠤᠢ ᠶᠢᠨ ᠠᠵᠢᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠪᠠ ᠠᠭᠠᠷ ᠤᠨ ᠠᠶᠠᠯᠠᠯ ᠤᠨ ᠵᠢᠭᠤᠯᠴᠢᠯᠠᠯ ᠵᠡᠷᠭᠡ ᠲᠤᠬᠠᠶᠢᠯᠠᠭᠰᠠᠨ ᠠᠵᠢᠯ ᠢᠶᠠᠷ ᠭᠤᠣᠯᠯᠠᠭᠤᠯᠤᠭᠰᠠᠨ | ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠡᠵᠡᠩᠨᠡᠯᠲᠡ ᠶᠢᠨ ᠲᠣᠣᠷ ᠰᠦᠯᠵᠢᠶ᠎ᠡ ᠶᠢ ᠢᠳᠡᠪᠬᠢᠲᠡᠢ ᠪᠠᠷ | ᠪᠠᠶᠢᠭᠤᠯᠵᠤ᠂ ᠠᠶᠠᠯᠠᠯ ᠨᠡᠪᠲᠡᠷᠡᠬᠦ ᠠᠵᠤ ᠦᠢᠯᠡᠰ ᠢ ᠨᠢᠭᠡ ᠴᠣᠭᠴᠠᠵᠢᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ | ᠬᠠᠶᠢᠨ ᠰᠦᠪᠡᠭᠴᠢᠯᠡᠨ᠎ᠡ᠃ ⒉ ᠲᠡᠮᠦᠷ ᠵᠠᠮ᠃ ᠲᠡᠮᠦᠷ ᠵᠠᠮ ᠤᠨ ᠵᠠᠮ ᠬᠠᠷᠢᠯᠴᠠᠭᠠᠨ ᠤ ᠰᠢᠰᠲ᠋ᠧᠮᠵᠢ ᠶᠢ | ᠲᠡᠭᠦᠯᠳᠡᠷᠵᠢᠭᠦᠯᠵᠦ᠂ ᠪᠠᠶᠠᠨᠭᠤᠣᠯ ︱ ᠪᠠᠶ᠋ᠬᠠᠭᠤᠯᠠ ᠲᠡᠮᠦᠷ ᠵᠠᠮ᠂ ᠪᠠᠶᠠᠨᠬᠤᠸᠠ ︱ ᠵᠡᠭᠦᠨ ᠬᠠᠲᠠᠪᠴᠢ ᠲᠡᠮᠦᠷ | ᠵᠠᠮ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠃ ᠨᠢᠭᠡᠨᠲᠡ ᠪᠠᠶᠢᠭ᠎ᠠ ᠲᠡᠮᠦᠷ ᠵᠠᠮ ᠤᠨ ᠴᠢᠳᠠᠮᠵᠢ ᠶᠢ | ᠥᠷᠭᠡᠳᠬᠡᠬᠦ ᠪᠠ ᠥᠭᠡᠷᠡᠴᠢᠯᠡᠨ ᠰᠠᠶᠢᠵᠢᠷᠠᠭᠤᠯᠬᠤ ᠶᠢ ᠬᠡᠷᠡᠭᠵᠢᠭᠦᠯᠵᠦ᠂ ᠲᠡᠭᠡᠭᠡᠪᠦᠷᠢ ᠶᠢᠨ ᠴᠢᠳᠠᠪᠤᠷᠢ ᠪᠠ ᠶᠠᠰᠤ | ᠴᠢᠨᠠᠷ ᠢ ᠳᠡᠭᠡᠭᠰᠢᠯᠡᠭᠦᠯᠦᠨ᠎ᠡ᠃ ᠣᠲᠣ ᠶᠢᠨ ᠪᠠᠶᠢᠭ᠎ᠠ ᠰᠢᠯᠢ ᠶᠢᠨ ᠭᠤᠣᠯ ᠤᠨ ᠲᠡᠮᠦᠷ ᠵᠠᠮ ᠳᠤ ᠲᠦᠰᠢᠭᠯᠡᠨ | ᠰᠢᠯᠢᠩᠬᠤᠲᠠ · ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ ᠶᠢᠨ | ᠲᠤᠰᠬᠠᠢ ᠱᠤᠭᠤᠮ ᠢ ᠨᠡᠪᠲᠡᠷᠡᠭᠦᠯᠬᠦ ᠪᠠᠷ ᠴᠢᠷᠮᠠᠶᠢᠨ᠎ᠠ᠃ ⒊ ᠵᠠᠰᠠᠮᠠᠯ ᠵᠠᠮ ᠨᠢ ᠵᠠᠰᠠᠮᠠᠯ ᠵᠠᠮ ᠤᠨ ᠲᠣᠣᠷ ᠤᠨ | ᠪᠦᠲᠦᠴᠡ ᠶᠢ ᠰᠢᠯᠢᠳᠡᠭᠵᠢᠭᠦᠯᠵᠦ᠂ ᠬᠤᠰᠢᠭᠤ ᠬᠡᠪᠴᠢᠶᠡᠨ ᠤ ᠵᠠᠮ ᠤᠨ ᠲᠣᠣᠷ ᠤᠨ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠦᠨ᠂ ᠮᠠᠯᠵᠢᠬᠤ ᠣᠷᠣᠨ ᠤ ᠵᠠᠰᠠᠮᠠᠯ ᠵᠠᠮ ᠤᠨ ᠵᠡᠷᠭᠡ ᠳᠡᠰ ᠢ ᠲᠠᠰ ᠳᠡᠪᠰᠢᠭᠦᠯᠦᠨ ᠥᠭᠡᠷᠡᠴᠢᠯᠡᠵᠦ᠂ | ᠨᠡᠯᠢᠶᠡᠳ ᠢᠪᠴᠤᠤ ᠵᠠᠮ ᠤᠨ ᠭᠠᠳᠠᠷᠭᠤ ᠶᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ ᠪᠥᠬᠦ | ᠲᠠᠯ᠎ᠠ ᠶᠢ ᠬᠠᠮᠤᠷᠤᠭᠰᠠᠨ᠂ ᠴᠢᠳᠠᠮᠵᠢ ᠨᠢ ᠪᠦᠷᠢᠨ ᠲᠡᠭᠦᠯᠳᠡᠷ᠂ ᠵᠣᠯᠭᠠᠭᠤᠯᠬᠤ ᠨᠢ ᠰᠠᠭᠠᠳ ᠦᠭᠡᠢ᠂ ᠠᠵᠢᠯᠯᠠᠭᠠᠨ | ᠨᠢ ᠨᠠᠶᠢᠳᠠᠪᠤᠷᠢᠲᠠᠢ ᠵᠠᠰᠠᠮᠠᠯ ᠵᠠᠮ ᠤᠨ ᠲᠣᠣᠷ ᠤᠨ ᠪᠣᠷᠣ ᠲᠥᠯᠥᠪ ᠢ ᠪᠦᠷᠢᠯᠳᠦᠭᠦᠯᠦᠨ᠎ᠡ᠃ | ︵ᠬᠤᠶᠠᠷ︶ ᠬᠤᠲᠠ ᠬᠥᠳᠡᠭᠡ ᠶᠢᠨ ᠨᠡᠶᠢᠲᠡ ᠶᠢᠨ ᠦᠢᠯᠡᠴᠢᠯᠡᠭᠡᠨ ᠤ ᠳᠦᠬᠦᠭᠡᠷᠦᠮᠵᠢ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠲᠠᠰ ᠳᠡᠪᠰᠢᠬᠦᠯᠦᠨ᠎ᠡ᠃ ⒈ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮᠵᠢ ᠨᠢ ᠣᠷᠣᠨ | ᠰᠠᠭᠤᠴᠠ ᠶᠢᠨ ᠬᠠᠩᠭᠠᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠷᠣᠨ ᠰᠠᠭᠤᠴᠠ ᠶᠢᠨ | ᠣᠷᠣᠨ ᠵᠠᠢ ᠶᠢᠨ ᠪᠠᠶᠢᠷᠢᠰᠢᠭᠤᠯᠤᠯ ᠬᠢᠭᠡᠳ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠪᠦᠷᠢᠨ ᠪᠦᠲᠦᠨ | ᠣᠷᠣᠰᠢᠨ ᠰᠠᠭᠤᠬᠤ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠤᠨ᠎ᠠ᠃ ⒉ᠬᠠᠮᠲᠤ ᠪᠠᠷ ᠡᠳ᠋ᠯᠡᠬᠦ ᠰᠢᠶᠠᠩ | ᠪᠠᠯᠭᠠᠰᠤᠨ ᠤ ᠰᠠᠭᠤᠷᠢ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃ | ︵ᠭᠤᠷᠪᠠ︶ ᠬᠤᠲᠠ ᠶᠢᠨ ᠶᠠᠪᠤᠳᠠᠯ ᠤᠨ ᠰᠠᠭᠤᠷᠢ ᠳᠦᠬᠦᠭᠡᠷᠦᠮᠵᠢ ᠶᠢ ᠪᠣᠬᠢᠷᠲᠤᠯ ᠦᠭᠡᠢ ᠤᠶᠤᠨᠴᠢ ᠪᠤᠯᠭᠠᠬᠤ᠃ | ᠡᠨᠧᠷᠭᠢ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ⒉ ᠤᠰᠤᠨ ᠠᠰᠢᠭᠯᠠᠯᠲᠠ ᠶᠢᠨ ᠰᠠᠭᠤᠷᠢ | ᠳᠦᠬᠦᠭᠡᠷᠦᠮᠵᠢ ᠶᠢ ᠰᠢᠯᠢᠳᠡᠭᠵᠢᠭᠦᠯᠦᠨ᠎ᠡ᠃ ⒊ᠣᠶᠤᠨᠴᠢ ᠮᠡᠳᠡᠭᠡ ᠵᠠᠩᠭᠢ ᠶᠢᠨ ᠰᠦᠯᠵᠢᠶ᠎ᠡ ᠶᠢ ᠪᠠᠶᠢᠭᠤᠯᠤᠨ᠎ᠠ᠃ | ⒋ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ | ︵ᠳᠥᠷᠪᠡ︶ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠭᠰᠠᠨ ᠠᠮᠤᠷ ᠲᠦᠪᠰᠢᠨ ᠤᠶᠠᠨ ᠬᠠᠲᠠᠨ ᠴᠢᠨᠠᠷᠲᠠᠢ | ᠬᠤᠲᠠ ᠶᠢ ᠪᠦᠲᠦᠭᠡᠨ ᠪᠠᠶᠢᠭᠤᠯᠤᠨ᠎ᠠ᠃⒈ ᠦᠶᠡᠷ ᠢ ᠰᠡᠷᠭᠡᠶᠢᠯᠡᠨ ᠤᠰᠤᠲᠤᠯ ᠢ ᠵᠠᠯᠠᠨ᠎ᠠ᠃ ᠵᠣᠬᠢᠰᠲᠠᠢ ᠪᠠᠷ | ᠤᠷᠢᠳᠴᠢᠯᠠᠨ ᠪᠡᠯᠡᠳᠬᠡᠵᠦ᠂ ᠠᠭᠠᠷ ᠤᠨ ᠰᠡᠷᠭᠡᠶᠢᠯᠡᠯᠲᠡ ᠲᠠᠢ ᠤᠶᠠᠯᠳᠤᠭᠤᠯᠤᠨ᠂ ᠦᠶᠡᠷ ᠢ ᠰᠡᠷᠭᠡᠶᠢᠯᠡᠬᠦ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠪᠣᠯᠣᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠠᠯ ᠤᠨᠲᠠᠷᠠᠭᠠᠬᠤ ᠰᠡᠷᠭᠡᠶᠢᠯᠡᠯᠲᠡ᠃ | ᠰᠡᠷᠭᠡᠶᠢᠯᠡᠬᠦ ᠪᠠᠷ ᠭᠤᠣᠯ ᠪᠣᠯᠭᠠᠨ᠂ ᠰᠡᠷᠭᠡᠶᠢᠯᠡᠬᠦ ᠪᠠ ᠤᠨᠲᠠᠷᠠᠭᠠᠬᠤ ᠶᠢ ᠤᠶᠠᠯᠳᠤᠭᠤᠯᠵᠤ᠂ ᠭᠠᠯ ᠤᠨᠲᠠᠷᠠᠭᠠᠬᠤ | ᠣᠶᠤᠨᠴᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨ᠎ᠠ᠃ ⒊ ᠭᠠᠵᠠᠷ ᠬᠥᠳᠡᠯᠦᠯᠲᠡ ᠲᠠᠢ ᠲᠡᠮᠡᠴᠡᠵᠦ | ᠭᠠᠮᠰᠢᠭ ᠠᠴᠠ ᠵᠠᠶᠢᠯᠠᠬᠤ᠃ ᠵᠤᠬᠢᠰᠳᠠᠢ ᠵᠠᠶᠢᠯᠠᠭᠤᠯᠬᠤ᠂ ᠵᠦᠢ ᠵᠣᠬᠢᠰᠲᠠᠢ ᠪᠠᠶᠢᠷᠢᠯᠠᠭᠤᠯᠬᠤ ᠶᠢ ᠪᠠᠷᠢᠮᠳᠠᠯᠠᠵᠦ᠂ | ᠬᠤᠳᠠ ᠶᠢᠨ ᠠᠮᠢ ᠨᠠᠰᠤᠨ ᠤ ᠱᠤᠭᠤᠮ ᠤᠨ ᠢᠨᠵᠧᠨᠧᠷᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠴᠢᠳᠠᠪᠤᠷᠢ ᠶᠢ | ᠰᠢᠯᠢᠳᠡᠭᠵᠢᠭᠦᠯᠦᠨ᠎ᠡ᠃ ⒋ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ᠃ ᠳᠥᠭᠦᠮ ᠳᠥᠲᠡ ᠪᠥᠭᠡᠳ ᠰᠠᠭᠠᠳ | ᠦᠭᠡᠢ᠂ ᠠᠮᠤᠷ ᠲᠦᠪᠰᠢᠨ ᠪᠥᠭᠡᠳ ᠥᠨᠳᠥᠷ ᠦᠷ᠎ᠡ ᠪᠦᠲᠦᠮᠵᠢᠲᠡᠶ᠂ ᠲᠣᠭᠲᠠᠮᠠᠯ᠂ ᠪᠠᠴᠢᠮ ᠬᠤᠶᠠᠷ ᠱᠠᠲᠤᠨ ᠤ | ᠠᠶᠤᠯ ᠠᠴᠠ ᠵᠠᠶᠢᠯᠠᠬᠤ ᠲᠠᠯᠠᠪᠤᠷ ᠭᠠᠵᠠᠷ ᠢ ᠪᠦᠲᠦᠭᠡᠨ ᠪᠠᠶᠢᠭᠤᠯᠤᠨ᠎ᠠ᠃⒌ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠢᠨᠵᠧᠨᠧᠷᠢᠩ᠃ ᠤᠷᠳᠤ ᠬᠤᠭᠤᠴᠠᠭ᠎ᠠ ᠪᠠᠷ ᠪᠡᠯᠡᠳᠬᠡᠵᠦ᠂ ᠡᠩ ᠤᠨ ᠦᠶ᠎ᠡ ᠪᠠ ᠲᠠᠶᠢᠨ ᠤ | ᠦᠶ᠎ᠡ ᠶᠢ ᠤᠶᠠᠯᠳᠤᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠨᠢᠭᠡᠳᠦᠯᠲᠡᠢ ᠪᠥᠭᠡᠳ ᠥᠨᠳᠥᠷ | ᠪᠦᠲᠦᠮᠵᠢᠲᠡᠶ ᠢᠨᠵᠧᠨᠧᠷᠢᠩ ᠤᠨ ᠰᠢᠰᠲ᠋ᠧᠮ ᠢ ᠪᠠᠶᠢᠭᠤᠯᠤᠨ᠎ᠠ᠃ ⒍ ᠨᠡᠶᠢᠲᠡ ᠶᠢᠨ ᠡᠷᠡᠭᠦᠯ ᠬᠠᠮᠠᠭᠠᠯᠠᠯ᠃ | ᠪᠦᠬᠦᠯᠢ ᠶᠢ ᠰᠠᠯᠭᠠᠵᠤ᠂ ᠱᠠᠲᠤ ᠬᠤᠪᠢᠶᠠᠨ ᠳᠠᠭᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ | ᠪᠠᠶᠢᠳᠠᠯ ᠢ ᠠᠷᠭᠠᠴᠠᠬᠤ ᠲᠥᠰᠥᠯ ᠢ ᠳᠡᠭᠦᠯᠳᠡᠷᠵᠢᠬᠦᠯᠦᠨ᠎ᠡ᠃⒎ ᠠᠶᠤᠯᠲᠠᠢ ᠬᠢᠮᠢ ᠶᠢᠨ ᠪᠣᠳᠠᠰ ᠢ ᠬᠠᠮᠢᠶᠠᠷᠤᠨ | ᠡᠵᠡᠮᠳᠡᠬᠦ ᠶᠢ ᠲᠡᠭᠦᠯᠳᠡᠷᠵᠢᠭᠦᠯᠦᠨ᠎ᠡ᠃ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ᠂ ᠴᠠᠭ ᠲᠤᠬᠠᠢ ᠳᠤᠨᠢ ᠬᠢᠨᠠᠯᠲᠠ | ᠲᠠᠯᠪᠢᠬᠤ᠂ ᠠᠶᠤᠯ ᠲᠠᠢ ᠬᠢᠮᠢ ᠶᠢᠨ ᠠᠵᠤ ᠠᠬᠤᠶᠢᠯᠠᠯ ᠢ ᠰᠠᠭᠤᠭ᠎ᠠ ᠣᠷᠣᠨ ᠠᠴᠠ ᠪᠠᠨ ᠬᠤᠯᠠ ᠪᠠᠶᠢᠯᠭᠠᠵᠤ᠂ | ᠲᠥᠪᠯᠡᠷᠡᠭᠦᠯᠦᠨ ᠪᠠᠶᠢᠷᠢᠯᠠᠭᠤᠯᠤᠨ᠎ᠠ᠃ | ︵ᠲᠠᠪᠤ︶ ᠪᠥᠬᠦ ᠴᠠᠷᠠᠭᠠᠨ ᠳᠠᠬᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠶᠡᠷᠦᠩᠬᠡᠶᠢᠯᠡᠨ | ᠴᠡᠭᠴᠡᠯᠡᠨᠵᠠᠰᠠᠨᠠ᠃ ⒈ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠳᠤ ᠲᠠᠷᠢᠶᠠᠯᠠᠩ ᠳᠤ ᠬᠡᠷᠡᠭᠯᠡᠬᠦ | ᠭᠠᠵᠠᠷ ᠢ ᠴᠡᠭᠴᠡᠯᠡᠬᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠴᠡᠭᠴᠡᠯᠡᠬᠦ᠂ ᠬᠥᠳᠡᠭᠡ ᠲᠣᠰᠬᠤᠨ ᠤ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠵᠡᠷᠭᠡ ᠪᠠᠷ ᠬᠠᠷᠠᠯᠲᠠ ᠪᠣᠯᠭᠠᠵᠤ᠂ ᠰᠢᠶᠠᠩ ᠪᠠᠯᠭᠠᠰᠤ ᠪᠠᠷ ᠦᠨᠳᠦᠰᠦᠨ | ᠬᠡᠷᠡᠭᠵᠢᠭᠦᠯᠬᠦ ᠨᠢᠭᠡᠴᠡ ᠪᠣᠯᠭᠠᠭᠰᠠᠨ ᠪᠥᠬᠦ ᠴᠠᠷᠠᠭᠠᠨ ᠳᠠᠬᠢ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ | ᠠᠵᠢᠯ ᠢ ᠥᠷᠨᠢᠭᠦᠯᠦᠨ᠎ᠡ᠃ ︽ᠲᠠᠷᠢᠶᠠᠯᠠᠬᠤ ᠳᠤ ᠲᠣᠬᠢᠷᠠᠮᠵᠢᠲᠠᠢ ᠪᠣᠯ ᠲᠠᠷᠢᠶᠠᠯᠠᠬᠤ᠂ ᠪᠠᠶᠢᠭᠤᠯᠬᠤ ᠳᠤ | ᠲᠣᠬᠢᠷᠠᠮᠵᠢᠲᠠᠢ ᠪᠣᠯ ᠪᠠᠶᠢᠭᠤᠯᠬᠤ᠂ ᠦᠯᠡᠳᠡᠭᠡᠬᠦ ᠳᠤ ᠲᠣᠬᠢᠷᠠᠮᠵᠢᠲᠠᠢ ᠪᠣᠯ ᠦᠯᠡᠳᠡᠭᠡᠬᠦ᠂ ᠴᠡᠭᠴᠡᠯᠡᠬᠦ ᠳᠤ | ᠲᠣᠬᠢᠷᠠᠮᠵᠢᠲᠠᠢ ᠪᠣᠯ ᠴᠡᠭᠴᠡᠯᠡᠬᠦ︾ ᠵᠠᠷᠴᠢᠮ ᠶᠣᠰᠣᠭᠠᠷ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠴᠡᠭᠴᠡᠯᠡᠨ ᠵᠠᠰᠠᠬᠤ᠂ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠴᠡᠭᠴᠡᠯᠡᠨ ᠵᠠᠰᠠᠬᠤ᠂ ᠬᠤᠳᠠ | ᠪᠠᠯᠭᠠᠰᠤᠨ ᠤ ᠳᠣᠣᠷ᠎ᠠ ᠠᠰᠢᠭᠯᠠᠮᠵᠢᠲᠤ ᠭᠠᠵᠠᠷ ᠢ ᠴᠡᠭᠴᠡᠯᠡᠨ ᠵᠠᠰᠠᠬᠤ ᠵᠢᠴᠢ ᠦᠢᠯᠡᠳᠪᠦᠷᠢ ᠠᠭᠤᠷᠬᠠᠢ ᠳᠤ ᠬᠡᠷᠡᠭᠯᠡᠬᠦ | ᠭᠠᠵᠠᠷ ᠢ ᠲᠠᠬᠢᠨ ᠬᠠᠭᠠᠯᠪᠤᠷᠢᠯᠠᠬᠤ ᠵᠡᠷᠭᠡ ᠪᠠᠷ ᠭᠤᠣᠯ ᠠᠭᠤᠯᠭ᠎ᠠ ᠪᠣᠯᠭᠠᠵᠤ᠂ ᠬᠤᠯᠪᠣᠭᠳᠠᠯ ᠪᠦᠬᠦᠢ ᠠᠵᠢᠯ ᠢ | ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ ᠪᠥᠬᠦ ᠣᠷᠣᠨ ᠪᠦᠰᠡ ᠶᠢᠨ ᠭᠠᠵᠠᠷ ᠰᠢᠷᠣᠢ ᠶᠢ ᠶᠡᠷᠦᠩᠬᠡᠶᠢᠯᠡᠨ | ᠴᠡᠭᠴᠡᠯᠡᠨ ᠵᠠᠰᠠᠬᠤ ᠪᠠᠷ ᠳᠡᠮᠵᠢᠨ᠂ ᠴᠡᠭᠴᠡᠯᠡᠨ ᠵᠠᠰᠠᠬᠤ ᠣᠷᠣᠨ ᠪᠦᠰᠡ ᠶᠢᠨ ᠳᠣᠲᠣᠷᠠᠬᠢ ᠪᠡᠯᠴᠢᠭᠡᠷ ᠤᠨ ᠶᠠᠰᠤ | ᠴᠢᠨᠠᠷ ᠢ ᠳᠡᠭᠡᠭᠰᠢᠯᠡᠭᠦᠯᠬᠦ᠂ ᠲᠤᠭ᠎ᠠ ᠬᠡᠮᠵᠢᠶ᠎ᠡ ᠶᠢ ᠨᠡᠮᠡᠭᠳᠡᠭᠦᠯᠬᠦ ᠶᠢ ᠦᠨᠡᠨᠬᠦ ᠪᠠᠲᠤᠯᠠᠵᠤ᠂ ᠦᠯᠡᠳᠡᠭᠡᠯ ᠬᠡᠷᠡᠭᠯᠡᠬᠦ | ᠭᠠᠵᠠᠷ ᠢ ᠴᠢᠯᠦᠭᠡᠲᠡᠢ ᠪᠣᠯᠭᠠᠵᠤ᠂ ᠬᠡᠷᠡᠭᠯᠡᠬᠦ ᠭᠠᠵᠠᠷ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ⒉ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ ᠡᠮᠬᠢ ᠵᠢᠷᠤᠮ ᠲᠠᠢ ᠠᠬᠢᠭᠤᠯᠤᠨ᠎ᠠ᠃ | ᠠᠭᠤᠷᠬᠠᠢ ᠶᠢᠨ ᠣᠷᠣᠨ ᠤ ᠭᠠᠵᠠᠷ ᠰᠢᠷᠣᠢ ᠶᠢ ᠳᠠᠬᠢᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠠᠷᠪᠢᠲᠠᠢ ᠡᠷᠴᠢᠮᠯᠢᠭ ᠠᠰᠢᠭᠯᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠡᠪᠳᠡᠷᠡᠵᠦ | ᠰᠦᠢᠳᠦᠭᠰᠡᠨ ᠲᠠᠯᠠᠪᠠᠢ ᠶᠢ ᠪᠠᠭᠠᠰᠬᠠᠵᠤ᠂ ᠡᠪᠳᠡᠷᠡᠵᠦ ᠰᠦᠢᠳᠦᠭᠰᠡᠨ ᠬᠡᠮᠵᠢᠶ᠎ᠡ ᠶᠢ ᠪᠠᠭᠤᠷᠠᠭᠤᠯᠤᠨ᠎ᠠ᠃ ᠭᠠᠵᠠᠷ | ᠰᠢᠷᠣᠢ ᠶᠢ ᠰᠡᠷᠭᠦᠭᠡᠨ ᠬᠠᠭᠠᠯᠪᠤᠷᠢᠯᠠᠬᠤ ᠳᠤ ᠲᠣᠬᠢᠷᠠᠬᠤ ᠴᠢᠨᠠᠷ ᠤᠨ ᠦᠨᠡᠯᠡᠯᠲᠡ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ︽ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠬᠢᠮᠳᠠ ᠪᠥᠭᠡᠳ | ᠶᠠᠪᠤᠭᠳᠠᠭᠤᠰᠢᠲᠠᠢ᠂ ᠶᠡᠷᠦᠩᠬᠡᠶᠢᠯᠡᠨ ᠠᠰᠢᠭᠯᠠᠬᠤ᠂ ᠲᠠᠷᠢᠶᠠᠯᠠᠩ ᠢ ᠲᠡᠷᠢᠭᠦᠨ ᠳᠤ ᠲᠠᠯᠪᠢᠬᠤ᠂ ᠠᠮᠤᠷ ᠲᠦᠪᠰᠢᠨ ᠢ | ᠦᠨᠡᠨᠬᠦ ᠪᠠᠲᠤᠯᠠᠬᠤ︾ ᠵᠠᠷᠴᠢᠮ ᠶᠣᠰᠣᠭᠠᠷ᠂ ᠰᠡᠷᠭᠦᠭᠡᠨ ᠬᠠᠭᠠᠯᠪᠤᠷᠢᠯᠠᠬᠤ ᠭᠠᠵᠠᠷ ᠰᠢᠷᠣᠢ ᠶᠢᠨ ᠬᠡᠷᠡᠭᠴᠡᠭᠡ ᠶᠢ ᠵᠦᠢ | ᠵᠣᠬᠢᠰᠲᠠᠢ ᠲᠤᠭᠲᠠᠭᠠᠨ᠎ᠠ᠃ ᠪᠥᠬᠦ ᠣᠷᠣᠨ ᠪᠦᠰᠡ ᠶᠢᠨ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠶᠢ | ᠠᠬᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳ᠋ᠨ ᠮᠥᠩᠭᠦᠨ ᠠᠭᠤᠯᠠ ᠮᠥᠨ︾ ᠪᠠ ︽ | ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠣᠨᠣᠯᠵᠢᠬᠤᠨ ᠢ | ᠠᠭᠤᠷᠬᠠᠢ ᠶᠢᠨ ᠦᠢᠯᠡᠰ ᠤᠨ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠪᠥᠬᠦ ᠶᠠᠪᠤᠴᠠ ᠳᠤ ᠲᠤᠤᠱᠯᠠᠭᠤᠯᠤᠨ᠎ᠠ᠃ | ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠰᠠᠭᠤᠷᠢᠨ ᠳᠡᠭᠡᠷ᠎ᠡ ᠠᠮᠢ ᠠᠬᠤᠢ ᠶᠢ | ᠰᠡᠷᠭᠦᠭᠡᠬᠦ ᠪᠠ ᠦᠵᠡᠮᠵᠢ ᠶᠢ ᠳᠠᠬᠢᠨ ᠪᠠᠶᠢᠭᠤᠯᠵᠤ᠂ ᠠᠭᠤᠷᠬᠠᠢ ᠶᠢᠨ ᠣᠷᠣᠨ ᠤ ᠭᠠᠵᠠᠷ ᠰᠢᠷᠣᠢ ᠶᠢ ᠰᠡᠷᠭᠦᠭᠡᠬᠦ ᠪᠠ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠢᠨᠵᠧᠨᠧᠷᠢᠩ ᠢ ︽ᠬᠥᠳᠡᠭᠡ ᠲᠣᠰᠬᠤᠨ ᠤ ᠪᠥᠬᠦ ᠣᠷᠣᠨ ᠪᠦᠰᠡ ᠶᠢᠨ | ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ︾ ᠯᠤᠭ᠎ᠠ ᠣᠷᠭᠠᠨᠢᠭ ᠢᠶᠠᠷ ᠠᠭᠤᠰᠤᠯᠴᠠᠭᠤᠯᠵᠤ᠂ ᠵᠠᠰᠠᠭᠰᠠᠨ ᠤ | ᠳᠠᠷᠠᠭᠠᠬᠢ ᠠᠭᠤᠷᠬᠠᠢ ᠶᠢᠨ ᠣᠷᠣᠨ ᠢ ︽ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ | ᠪᠡᠯᠴᠢᠭᠡᠷ ᠢ ᠰᠢᠰᠲ᠋ᠧᠮ ᠲᠠᠢ ᠵᠠᠰᠠᠬᠤ︾ ᠳᠤ ᠣᠷᠣᠭᠤᠯᠤᠨ᠂ ᠬᠠᠮᠤᠭ ᠡᠴᠦᠰ ᠲᠤ ᠲᠣᠭᠲᠠᠭᠤᠨ ᠪᠥᠭᠡᠳ | ᠦᠷᠭᠦᠯᠵᠢᠯᠡᠨ ᠬᠥᠭᠵᠢᠭᠰᠡᠨ ᠣᠷᠴᠢᠯ ᠠᠵᠤ ᠠᠬᠤᠢ ᠶᠢᠨ ᠴᠣᠭᠴᠠ ᠶᠢ ᠪᠦᠷᠢᠯᠳᠦᠭᠦᠯᠦᠨ᠎ᠡ᠃ | ︵ᠵᠢᠷᠭᠤᠭ᠎ᠠ︶ ᠬᠤᠲᠠ ᠶᠢᠨ ᠶᠡᠷᠦᠩᠬᠡᠢ ᠵᠢᠷᠤᠭ ᠲᠥᠯᠥᠪᠯᠡᠭᠡ ᠶᠢ ᠰᠠᠶᠢᠳᠤᠷ ᠲᠦᠯᠦᠪᠯᠡᠵᠦ᠂ ᠬᠤᠲᠠ ᠶᠢᠨ | ᠶᠡᠷᠦᠩᠬᠡᠢ ᠳᠦᠷᠢ ᠲᠥᠷᠬᠦ ᠶᠢ ᠪᠣᠶ ᠪᠣᠯᠭᠠᠨ᠎ᠠ᠃ ⒈︽ᠠᠮᠢ ᠠᠬᠤᠢ ᠪᠠᠷ ᠰᠠᠭᠤᠷᠢ ᠪᠣᠯᠭᠠᠵᠤ᠂ ᠬᠤᠲᠠ ᠳᠤ | ᠠᠭᠤᠯᠠ ᠤᠰᠤᠨ ᠤ ᠦᠵᠡᠮᠵᠢ ᠤᠷᠤᠭᠤᠯᠬᠤ︾ ᠬᠤᠲᠠ ᠬᠥᠳᠡᠭᠡ ᠶᠢᠨ ᠥᠩᠭᠡ ᠦᠵᠡᠮᠵᠢ ᠳᠤ ᠲᠦᠰᠢᠭᠯᠡᠨ᠂ | ᠪᠠᠷᠠᠭᠤᠨ ᠦᠵᠦᠮᠦᠴᠢᠨ ᠬᠤᠰᠢᠭᠤ ᠪᠠᠨ ᠲᠠᠯ᠎ᠠ ᠨᠤᠲᠤᠭ ᠤᠨ ᠵᠠᠩ ᠠᠭᠠᠯᠢ ᠶᠢ ᠤᠶᠢᠯᠭᠠᠬᠤ ᠭᠠᠵᠠᠷ᠂ ᠤᠮᠠᠷᠠᠲᠤ ᠶᠢᠨ | ᠵᠤᠰᠠᠯᠠᠩ ᠤᠨ ᠦᠵᠡᠮᠵᠢᠲᠦ ᠣᠷᠣᠨ ᠵᠢᠴᠢ ᠪᠠᠶᠢᠭᠠᠯᠢ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ | ᠣᠳᠣᠬᠢᠴᠢᠯᠠᠭᠰᠠᠨ ᠬᠤᠲᠠ ᠪᠤᠯᠭᠠᠨ ᠪᠦᠲᠦᠭᠡᠨ ᠪᠠᠶᠢᠭᠤᠯᠤᠨ᠎ᠠ᠃ ⒉ᠬᠤᠲᠠ ᠶᠢᠨ ᠵᠢᠷᠤᠭ ᠲᠥᠯᠥᠪᠯᠡᠭᠡ ᠶᠢᠨ | ᠡᠵᠡᠮᠳᠡᠬᠦ ᠰᠢᠰᠲ᠋ᠧᠮ ᠢ ᠪᠠᠶᠢᠭᠤᠯᠤᠨ᠎ᠠ᠃ ⒊ ᠤᠳᠤᠬᠠᠨ ᠪᠠᠷᠠᠭᠤᠨ ᠦᠵᠦᠮᠦᠴᠢᠨ ᠬᠤᠰᠢᠭᠤᠨ ᠤ ᠬᠤᠶᠢᠲᠤ | ᠬᠡᠰᠡᠭ ᠲᠤ ᠣᠪᠤᠭᠠᠨ ᠠᠭᠤᠯᠠ ᠲᠠᠢ᠂ ᠵᠡᠭᠦᠨ ᠬᠡᠰᠡᠭ ᠤᠨ ᠪᠠᠯᠭᠠᠷᠭᠤᠣᠯ ᠤᠨ ᠬᠦᠪᠡᠭᠡᠨ ᠳᠤ ᠨᠢᠭᠡᠨᠲᠡ ︽ᠠᠭᠤᠯᠠ᠂ | ᠤᠰᠤ᠂ ᠰᠡᠶᠢᠯᠦᠮᠡᠯ ᠪᠠᠷᠢᠯᠭ᠎ᠠ︾ ᠵᠡᠷᠭᠡ ᠪᠠᠶᠢᠭᠠᠯᠢ ᠶᠢᠨ ᠦᠵᠡᠮᠵᠢ ᠶᠢ ᠪᠦᠷᠢᠯᠳᠦᠭᠦᠯᠦᠭᠰᠡᠨ ᠪᠠᠶᠢᠨ᠎ᠠ᠃ | ᠰᠢᠨ᠎ᠡ ᠪᠠᠷ ᠪᠠᠶᠢᠭᠤᠯᠬᠤ ᠪᠠᠷᠢᠯᠭ᠎ᠠ ᠶᠢ ᠣᠲᠣ ᠦᠶ᠎ᠡ ᠶᠢᠨ ᠲᠥᠬᠦᠮ ᠮᠠᠶ᠋ᠢᠭ ᠤᠨ ᠬᠡᠪ ᠨᠠᠮᠪᠠ ᠪᠠᠷ ᠭᠤᠣᠯ ᠪᠣᠯᠭᠠᠵᠤ᠂ | ᠪᠣᠷᠣ ᠥᠩᠭᠡ᠂ ᠰᠢᠷ᠎ᠠ ᠥᠩᠭᠡ᠂ ᠴᠠᠭᠠᠨ ᠥᠩᠭᠡ ᠵᠡᠷᠭᠡ ᠭᠦᠶᠦᠬᠡᠨ ᠥᠩᠭᠡ ᠶᠢᠨ ᠰᠢᠰᠲ᠋ᠧᠮ ᠢᠶᠠᠷ ᠭᠤᠣᠯ | ᠪᠣᠯᠭᠠᠭᠰᠠᠨ ᠪᠦᠬᠦᠯᠢ ᠴᠣᠭᠴᠠ ᠶᠢᠨ ᠬᠤᠲᠠ ᠶᠢᠨ ᠥᠩᠭᠡ ᠪᠤᠳᠤᠭ ᠢ ᠤᠷᠤᠭᠤᠯᠵᠦ᠂ ᠪᠠᠷᠢᠯᠭ᠎ᠠ ᠶᠢᠨ ᠥᠨᠳᠥᠷ ᠤᠨ | ᠬᠡᠮᠵᠢᠶ᠎ᠡ ᠵᠢᠴᠢ ᠨᠡᠭᠡᠭᠡᠨ ᠬᠥᠭᠵᠢᠭᠦᠯᠬᠦ ᠬᠦᠴᠦᠯᠡᠴᠡ ᠶᠢ ᠡᠵᠡᠮᠳᠡᠨ᠂ ᠨᠢᠭᠡᠳᠦᠯᠲᠡᠢ ᠬᠤᠲᠠ ᠶᠢᠨ ᠥᠩᠭᠡ | ᠦᠵᠡᠮᠵᠢ ᠶᠢᠨ ᠣᠨᠴᠠᠯᠢᠭ ᠢ ᠪᠦᠷᠢᠯᠳᠦᠭᠦᠯᠦᠨ᠎ᠡ᠃ | ᠲᠠᠪᠤ᠂ ︵ᠨᠢᠭᠡ︶ ᠲᠥᠯᠦᠪᠵᠢᠭᠦᠯᠭᠡ ᠶᠢᠨ ᠬᠠᠮᠵᠢᠯᠴᠠᠨ ᠳᠠᠮᠵᠢᠭᠤᠯᠬᠤ ᠲᠣᠭᠲᠠᠴᠠ ᠶᠢ ᠪᠠᠶᠢᠭᠤᠯᠤᠨ᠎ᠠ᠃ | ︵ᠬᠤᠶᠠᠷ︶ ᠣᠶᠢᠷ᠎ᠠ ᠶᠢᠨ ᠬᠤᠭᠤᠴᠠᠭᠠᠨ ᠤ ᠠᠵᠢᠯᠯᠠᠭᠠᠨ ᠤ ᠲᠥᠯᠥᠪᠯᠡᠭᠡ ⒈ ᠴᠢᠬᠤᠯᠠ ᠶᠡᠭᠡ ᠲᠥᠷᠥᠯ | ᠵᠦᠢᠯ ᠤᠨ ᠡᠬᠡ ᠲᠠᠩᠰᠠ᠃ ⒉ ᠵᠠᠮ ᠬᠠᠷᠢᠯᠴᠠᠭᠠᠨ ᠤ ᠲᠥᠷᠥᠯ ᠤᠨ ᠴᠢᠬᠤᠯᠠ ᠶᠡᠭᠡ ᠢᠨᠵᠧᠨᠧᠷᠢᠩ᠃⒊ | ᠡᠨᠧᠷᠭᠢ ᠶᠢᠨ ᠲᠥᠷᠥᠯ ᠤᠨ ᠴᠢᠬᠤᠯᠠ ᠶᠡᠭᠡ ᠢᠨᠵᠧᠨᠧᠷᠢᠩ᠃ ⒋ᠤᠰᠤᠨ ᠠᠰᠢᠭᠯᠠᠯᠲᠠ ᠶᠢᠨ ᠲᠥᠷᠥᠯ ᠤᠨ | ᠴᠢᠬᠤᠯᠠ ᠶᠡᠭᠡ ᠢᠨᠵᠧᠨᠧᠷᠢᠩ᠃⒌ ᠴᠠᠬᠢᠯᠭᠠᠨ ᠬᠦᠴᠦᠨ ᠤ ᠲᠥᠷᠥᠯ ᠤᠨ ᠴᠢᠬᠤᠯᠠ ᠶᠡᠭᠡ ᠢᠨᠵᠧᠨᠧᠷᠢᠩ᠃⒍ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠤᠨ ᠴᠢᠬᠤᠯᠠ ᠶᠡᠭᠡ ᠢᠨᠵᠧᠨᠧᠷᠢᠩ᠃ ⒎ ᠪᠤᠰᠤᠳ | ᠲᠥᠷᠥᠯ ᠤᠨ ᠴᠢᠬᠤᠯᠠ ᠶᠡᠭᠡ ᠲᠥᠷᠥᠯ ᠵᠦᠢᠯ ᠢ ᠪᠠᠶᠢᠭᠤᠯᠤᠨ᠎ᠠ᠃ | ︵ᠭᠤᠷᠪᠠ︶ ᠪᠠᠲᠤᠯᠠᠭ᠎ᠠ ᠶᠢᠨ ᠲᠣᠭᠲᠠᠴᠠ ᠶᠢ ᠬᠡᠷᠡᠭᠵᠢᠬᠦᠯᠦᠨ᠎ᠡ᠃ ⒈ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤ᠋ ᠯᠤᠨᠠ᠃ ⒉ ᠲᠥᠯᠦᠪᠵᠢᠭᠦᠯᠭᠡ ᠶᠢᠨ ᠰᠢᠰᠲ᠋ᠧᠮᠵᠢ ᠶᠢ | ᠪᠠᠶᠢᠭᠤᠯᠤᠨ᠎ᠠ᠃ ⒊ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠦᠨᠡᠯᠡᠨ ᠵᠢᠱᠢᠬᠦ ᠲᠣᠭᠲᠠᠴᠠ ᠶᠢ | ᠪᠠᠶᠢᠭᠤᠯᠤᠨ᠎ᠠ᠃ ⒋ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠤᠨ᠎ᠠ᠃ ⒌ | ᠲᠥᠯᠦᠪᠵᠢᠭᠦᠯᠭᠡ ᠶᠢᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠤᠨ᠎ᠠ᠃ ⒍ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠤᠨ᠎ᠠ᠃ | ⒎ᠣᠯᠠᠨ ᠨᠡᠶᠢᠲᠡ ᠶᠢᠨ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠳᠥᠷᠪᠡ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠵᠢᠷᠤᠭ︾ | ᠤᠨ ᠪᠦᠲᠦᠭᠡᠨ ᠪᠠᠶᠢᠭᠤᠯᠤᠯᠲᠠ᠃⒈ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠰᠠᠭᠤᠷᠢ ᠮᠡᠳᠡᠭᠡ | ᠵᠠᠩᠭᠢ ᠶᠢᠨ ᠲᠠᠪᠴᠠᠩ ᠢ ᠲᠡᠭᠦᠯᠳᠡᠷᠵᠢᠭᠦᠯᠵᠦ᠂ ᠰᠠᠭᠤᠷᠢ ᠵᠢᠷᠤᠭ 3 ᠶᠢ ᠪᠦᠷᠢᠯᠳᠦᠭᠦᠯᠵᠦ᠂ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠢᠷᠤᠭ ᠲᠥᠰᠥᠪ 4 ᠶᠢ ᠪᠠᠶᠢᠭᠤᠯᠵᠤ᠂ ᠬᠤᠲᠠ ᠶᠢᠨ | ᠪᠡᠶ᠎ᠡ ᠶᠢᠨ ᠪᠠᠶᠢᠴᠠᠭᠠᠯᠲᠠ ᠶᠢᠨ ᠦᠨᠡᠯᠡᠨ ᠵᠢᠱᠢᠯᠲᠡ ᠶᠢ ᠥᠷᠨᠢᠭᠦᠯᠦᠨ᠎ᠡ᠃ | |