ᠪᠦᠦ ᠯᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠠᠬᠢᠭᠤᠯᠪᠠ
ᠨᠡᠶᠢᠲᠡᠯᠡᠭᠰᠡᠨ ᠴᠠᠭ᠄
2024/10/23
    10 ᠰᠠᠷ᠎ᠠ ᠶᠢᠨ 21᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠦ ᠯᠢᠨ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ᠡᠯ᠎ᠡ ᠲᠤᠰᠬᠠᠢ ᠳᠤᠭᠤᠶᠢᠯᠠᠩ ᠤᠨ ︽ᠲᠠᠪᠤᠨ ᠶᠡᠭᠡ ᠡᠭᠦᠷᠭᠡ︾᠎ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠬᠤ ᠶᠢᠨ ᠬᠠᠮᠲᠤ ᠳᠠᠷᠠᠭ᠎ᠠ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠃
    ᠪᠦᠦ ᠯᠢᠨ ᠵᠢᠠᠭᠠᠵᠤ ᠭᠠᠷᠭᠠᠭᠰᠠᠨ ᠨᠢ᠂ ︽ᠲᠠᠪᠤᠨ ᠶᠡᠭᠡ ᠡᠭᠦᠷᠭᠡ︾ ᠪᠣᠯ ᠶᠡᠷᠦᠩᠬᠡᠢ ᠱᠦᠵᠢ ᠥᠪᠥᠷ ᠮᠣᠩᠭᠤᠯ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠲᠠᠢ ᠤᠶᠠᠯᠳᠤᠭᠤᠯᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ︽ᠲᠠᠪᠤᠨ ᠶᠡᠭᠡ ᠡᠭᠦᠷᠭᠡ︾᠎ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠪᠠᠶᠢᠷᠢᠯᠠᠭᠤᠯᠤᠭᠰᠠᠭᠠᠷ ᠢᠷᠡᠵᠠᠢ᠃ ︽ᠲᠠᠪᠤᠨ ᠶᠡᠭᠡ ᠡᠭᠦᠷᠭᠡ︾᠎ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠪᠣᠯ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠡᠷᠬᠡᠪᠰᠢ ᠰᠠᠶᠢᠲᠤᠷ ᠪᠡᠶᠡᠯᠡᠭᠦᠯᠬᠦ ᠤᠯᠤᠰ ᠲᠥᠷᠥ ᠶᠢᠨ ᠡᠭᠦᠷᠭᠡ ᠮᠥᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠨᠢ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠴᠠᠭ ᠬᠤᠭᠤᠴᠠᠭ᠎ᠠ ᠶᠢ ᠪᠦᠲᠦᠮᠵᠢᠲᠡᠢ ᠠᠰᠢᠭᠯᠠᠵᠤ ᠡᠷᠴᠢ ᠵᠣᠷᠢᠭ ᠢᠶᠠᠨ ᠭᠦᠢᠴᠡᠳ  ᠪᠠᠳᠠᠷᠠᠭᠤᠯᠤᠨ᠂ ᠵᠢᠯ ᠤᠨ ᠡᠬᠢᠨ ᠳᠤ ᠲᠣᠭᠲᠠᠭᠰᠠᠨ ᠠᠵᠢᠯ ᠤᠨ ᠲᠥᠯᠥᠪᠯᠡᠭᠡ ᠪᠠ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠪᠦᠦ ᠯᠢᠨ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ︽ᠲᠠᠪᠤᠨ ᠶᠡᠭᠡ ᠡᠭᠦᠷᠭᠡ︾᠎ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠣᠨ ᠤ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠲᠠᠢ ᠴᠢᠩᠭ᠎ᠠ ᠬᠠᠷᠢᠴᠠᠭᠤᠯᠤᠨ᠂ ᠠᠵᠢᠯ ᠤᠨ ᠭᠤᠣᠯᠳᠠᠯᠭ᠎ᠠ ᠶᠢ ᠠᠩᠬᠠᠷᠴᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭᠠᠳᠬᠠᠨ ᠪᠣᠳᠠᠲᠠᠶᠢᠵᠢᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠷᠢᠯᠴᠠᠵᠤ ᠨᠡᠪᠲᠡᠷᠡᠯᠴᠡᠬᠦ ᠶᠢ ᠴᠢᠩᠭᠠᠳᠬᠠᠨ᠂ ᠥᠪᠡᠷ ᠢ ᠪᠠᠨ ᠪᠠᠶᠢᠴᠠᠭᠠᠨ ᠵᠠᠯᠠᠷᠠᠭᠤᠯᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠴᠠᠭ ᠬᠤᠭᠤᠴᠠᠭ᠎ᠠ ᠶᠢ ᠲᠣᠬᠢᠷᠠᠭᠤᠯᠤᠨ᠂ ᠳᠤᠲᠠᠭᠳᠠᠯ ᠢ ᠨᠥᠬᠦᠪᠦᠷᠢᠯᠡᠬᠦ ᠬᠦᠴᠦᠯᠡᠬᠦ ᠴᠡᠭ ᠢ ᠣᠨᠣᠪᠴᠢᠲᠠᠢ ᠡᠷᠢᠨ᠂ ︽ᠲᠠᠪᠤᠨ ᠶᠡᠭᠡ ᠡᠭᠦᠷᠭᠡ︾᠎ ᠶᠢ ᠪᠠᠷᠠᠭᠤᠨ ᠦᠵᠦᠮᠦᠴᠢᠨ ᠳᠤ ᠨᠠᠷᠢᠨ ᠨᠠᠶᠢᠳᠠᠪᠤᠷᠢᠵᠢᠭᠤᠯᠬᠤ ᠶᠢ ᠲᠦᠷᠭᠡᠨ ᠠᠬᠢᠭᠤᠯᠬᠤ ᠬᠡᠷᠡᠭᠲᠡᠢ ᠭᠡᠵᠡᠢ᠃      ᠬᠤᠰᠢᠭᠤ ᠤᠳᠤᠷᠢᠳᠤᠯᠭ᠎ᠠ ᠶᠣᠣ ᠬᠤᠩ ᠭᠠᠩ᠂ ᠦ᠋ ᠵᠦ᠂ ᠦ᠋ ᠪᠦᠦ ᠫᠢᠩ᠂ ᠷᠧᠨ ᠳ᠋ᠧ ᠰᠢᠨ ᠬᠤᠷᠠᠯ ᠳᠤ ᠣᠷᠣᠯᠴᠠᠵᠤ᠂ ᠡᠯ᠎ᠡ ᠲᠤᠰᠬᠠᠢ ᠳᠤᠭᠤᠶᠢᠯᠠᠩ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号