ᠮᠠᠨ ᠤ ᠠᠶᠢᠮᠠᠭ ᠨᠡᠭᠦᠷᠡᠰᠦᠨ ᠠᠭᠤᠷᠬᠠᠢ ᠶᠢᠨ ᠣᠶᠤᠨᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/10/23
    ᠣᠶᠢᠷ᠎ᠠ ᠶᠢᠨ ᠵᠢᠯ᠂ ᠮᠠᠨ ᠤ ᠠᠶᠢᠮᠠᠭ ᠨᠡᠭᠦᠷᠡᠰᠦᠨ ᠠᠭᠤᠷᠬᠠᠢ ᠶᠢ ᠨᠡᠭᠡᠭᠡᠨ ᠮᠠᠯᠲᠠᠬᠤ᠂ ᠮᠡᠷᠭᠡᠵᠢᠯ᠂ ᠲᠤᠨᠤᠭ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠢᠳᠡᠪᠬᠢᠲᠡᠢ ᠠᠬᠢᠭᠤᠯᠪᠠ᠃ ᠣᠳᠣᠬᠠᠨ ᠳᠤ᠂ ᠰᠢᠯᠢ ᠶᠢᠨ ᠭᠤᠣᠯ ᠠᠶᠢᠮᠠᠭ ᠤᠨ ᠨᠡᠭᠦᠷᠡᠰᠦᠨ ᠠᠭᠤᠷᠬᠠᠢ ᠳᠤ 5G ᠮᠡᠳᠡᠭᠡ ᠵᠠᠩᠭᠢᠵᠢᠯᠲᠠ ᠶᠢᠨ ᠰᠢᠰᠲ᠋ᠧᠮ ᠵᠡᠷᠭᠡ 294 ᠵᠦᠢᠯ ᠤᠨ ᠣᠶᠤᠨᠴᠢᠯᠠᠭᠰᠠᠨ ᠲᠦᠷᠦᠯ ᠵᠦᠢᠯ ᠢ ᠪᠠᠶᠢᠭᠤᠯᠵᠤ᠂ ᠨᠡᠶᠢᠲᠡ 19.15 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ ᠠᠶᠤᠯ ᠲᠠᠢ ᠠᠵᠢᠯ ᠤᠨ ᠪᠠᠶᠢᠷᠢ ᠳᠠᠬᠢ ᠬᠥᠮᠥᠨ ᠤ ᠬᠦᠴᠦᠨ ᠢ ᠴᠥᠭᠡᠳᠬᠡᠵᠦ᠂ ᠪᠥᠬᠦ ᠠᠶᠢᠮᠠᠭ ᠤᠨ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠬᠥᠭᠵᠢᠬᠦ ᠶᠢ ᠠᠬᠢᠭᠤᠯᠪᠠ᠃           ᠣᠶᠢᠷ᠎ᠠ ᠳᠤ᠂ ᠠᠶᠢᠮᠠᠭ ᠤᠨ ᠡᠨᠧᠷᠭᠢ ᠶᠢᠨ ᠲᠣᠪᠴᠢᠶ᠎ᠠ ᠢᠯᠠᠯᠲᠠ ᠪᠠᠷᠠᠭᠤᠨ ᠨᠢᠭᠡᠳᠦᠭᠡᠷ᠂ ᠪᠠᠶᠠᠨᠬᠤᠸᠠ ᠭᠤᠷᠪᠠᠳᠤᠭᠠᠷ᠂ ᠪᠠᠶᠠᠨᠬᠤᠸᠠ ᠳᠥᠷᠪᠡᠳᠦᠭᠡᠷ ᠵᠡᠷᠭᠡ 3 ᠠᠵᠤ ᠠᠬᠤᠶᠢᠯᠠᠯ ᠢᠶᠠᠷ ᠬᠡᠪ ᠳᠠᠭᠤᠷᠢᠶᠠᠯ ᠪᠣᠯᠭᠠᠵᠤ᠂ ᠪᠦᠬᠦ ᠠᠶᠢᠮᠠᠭ ᠤᠨ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠬᠡᠪ ᠳᠠᠭᠤᠷᠢᠶᠠᠯ ᠤᠨ ᠴᠢᠨᠠᠷᠲᠠᠢ ᠠᠷᠭ᠎ᠠ ᠬᠡᠮᠵᠢᠶ᠎ᠡ ᠶᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠵᠠᠳᠠᠭᠠᠢ ᠨᠡᠭᠦᠷᠡᠰᠦᠨ ᠠᠭᠤᠷᠬᠠᠢ ᠳᠤ ᠵᠢᠯᠣᠭᠤᠴᠢ ᠦᠭᠡᠢ ᠮᠠᠰᠢᠨ ᠢᠶᠠᠷ ᠪᠠᠶᠢᠩᠭᠤ ᠠᠵᠢᠯᠯᠠᠭᠤᠯᠬᠤ᠂ ᠭᠤᠮ ᠪᠦᠰᠡᠲᠦ ᠮᠠᠰᠢᠨ ᠤ ᠣᠶᠤᠨᠲᠤ ᠲᠣᠭᠤᠷᠢᠨ ᠪᠠᠶᠢᠴᠠᠭᠠᠯᠲᠠ ᠪᠠᠷ ᠪᠦᠬᠦᠨ ᠢ ᠣᠷᠣᠯᠠᠭᠤᠯᠬᠤ᠂ ᠣᠶᠤᠨᠴᠢᠯᠠᠭᠰᠠᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠬᠤᠳᠳᠤᠭ ᠤᠨ ᠠᠭᠤᠷᠬᠠᠢ ᠶᠢᠨ ᠣᠶᠤᠨᠴᠢ ᠮᠠᠯᠲᠠᠯᠲᠠ ᠶᠢ ᠳᠡᠯᠭᠡᠷᠡᠭᠦᠯᠦᠨ ᠬᠡᠷᠡᠭᠯᠡᠬᠦ᠂ ᠣᠶᠤᠨᠴᠢᠯᠠᠭᠰᠠᠨ ᠨᠡᠭᠦᠷᠡᠰᠦ ᠮᠠᠯᠲᠠᠬᠤ ᠠᠵᠢᠯᠯᠠᠭᠠᠨ ᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠭᠦ᠂ ᠴᠠᠬᠢᠯᠭᠠᠨ ᠬᠠᠩᠭᠠᠵᠤ ᠤᠰᠤ ᠵᠠᠯᠠᠬᠤ ᠳᠤ ᠬᠥᠮᠥᠨ ᠦᠭᠡᠢ ᠪᠠᠷ ᠵᠢᠵᠢᠭᠦᠷᠯᠡᠭᠦᠯᠬᠦ ᠵᠡᠷᠭᠡ 6 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠱᠠᠯᠠᠪᠳᠠᠨ ᠪᠡᠶᠡᠯᠡᠭᠦᠯᠵᠦ᠂ ᠲᠣᠭᠠᠴᠢᠯᠠᠭᠰᠠᠨ ᠣᠶᠤᠨᠲᠤ ᠮᠡᠷᠭᠡᠵᠢᠯ ᠬᠢᠭᠡᠳ ᠨᠡᠭᠦᠷᠡᠰᠦᠨ ᠤ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠪᠥᠬᠦ ᠠᠶᠢᠮᠠᠭ ᠤᠨ ᠨᠡᠭᠦᠷᠡᠰᠦᠨ ᠠᠭᠤᠷᠬᠠᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠡᠭᠦᠷᠡᠰᠦᠨ ᠠᠭᠤᠷᠬᠠᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠠᠳᠠᠷᠠᠭᠤᠯᠬᠤ ᠶᠢ ᠠᠬᠢᠭᠤᠯᠵᠤ ᠪᠠᠶᠢᠨ᠎ᠠ᠃           2025 ᠣᠨ ᠤ ᠰᠡᠭᠦᠯᠴᠢ ᠪᠤᠯᠳᠠᠯ᠎ᠠ᠂ ᠮᠠᠨ ᠤ ᠠᠶᠢᠮᠠᠭ ᠵᠠᠳᠠᠭᠠᠢ ᠨᠡᠭᠦᠷᠡᠰᠦᠨ ᠠᠭᠤᠷᠬᠠᠢ ᠶᠢᠨ ᠵᠢᠯᠣᠭᠤᠴᠢ ᠦᠭᠡᠢ ᠮᠠᠰᠢᠨ ᠤ ᠬᠡᠪᠴᠢᠶ᠎ᠡ ᠶᠢ 180 ᠰᠠᠤᠷᠢ ᠶᠢ ᠳᠠᠪᠠᠭᠤᠯᠵᠤ᠂ ᠵᠢᠯᠣᠭᠤᠴᠢ ᠦᠭᠡᠢ ᠮᠠᠰᠢᠨ ᠤ ᠠᠵᠢᠯᠯᠠᠭᠠᠨ ᠤ ᠦᠷ᠎ᠡ ᠪᠦᠲᠦᠮᠵᠢ ᠶᠢ ᠵᠢᠯᠣᠭᠤᠴᠢ ᠲᠠᠢ ᠮᠠᠰᠢᠨ ᠤ 80%᠎ ᠳᠤ ᠬᠦᠷᠭᠡᠨ᠂ ᠭᠤᠮ ᠪᠦᠰᠡᠲᠦ ᠮᠠᠰᠢᠨ ᠤ ᠣᠶᠤᠨᠲᠤ ᠲᠣᠭᠤᠷᠢᠨ ᠪᠠᠶᠢᠴᠠᠭᠠᠯᠲᠠ ᠪᠠᠷ ᠣᠷᠣᠯᠠᠭᠤᠯᠬᠤ ᠨᠣᠷᠮ᠎ᠠ ᠶᠢ 80%᠎ ᠳᠤ ᠬᠦᠷᠭᠡᠵᠦ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠲᠠᠪᠴᠠᠩ ᠤᠨ ᠬᠡᠷᠡᠭᠯᠡᠯᠲᠡ ᠶᠢ ᠨᠡᠶᠢᠳᠡᠮ ᠪᠦᠷᠬᠦᠭᠦᠯᠬᠦ ᠶᠢ ᠠᠬᠢᠭᠤᠯᠵᠤ᠂ ᠣᠷᠣᠭᠤᠯᠬᠤ ᠶᠢ ᠵᠥᠪᠰᠢᠶᠡᠷᠡᠬᠦ᠂ ᠤᠷᠢᠳᠴᠢᠯᠠᠨ ᠰᠡᠷᠡᠮᠵᠢᠯᠡᠭᠦᠯᠬᠦ᠂ ᠬᠢᠨᠠᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠭᠠᠬᠤ᠂ ᠪᠣᠯᠪᠠᠰᠤᠷᠠᠯ ᠬᠦᠷᠲᠡᠭᠡᠬᠦ ᠵᠡᠷᠭᠡ 6 ᠵᠦᠢᠯ ᠤᠨ ᠴᠢᠳᠠᠮᠵᠢ ᠶᠢ ᠪᠡᠶᠡᠯᠡᠭᠦᠯᠬᠦ ᠪᠠᠷ ᠪᠠᠶᠢᠨ᠎ᠠ︔ ᠬᠤᠳᠳᠤᠭ ᠤᠨ ᠨᠡᠭᠦᠷᠡᠰᠦᠨ ᠠᠭᠤᠷᠬᠠᠢ ᠳᠤ ᠣᠶᠤᠨᠴᠢᠯᠠᠭᠰᠠᠨ ᠠᠵᠢᠯ ᠤᠨ ᠬᠡᠪᠴᠢᠶ᠎ᠡ ᠶᠢ ᠪᠠᠶᠢᠩᠭᠤᠵᠢᠭᠤᠯᠤᠨ ᠠᠵᠢᠯᠯᠠᠭᠤᠯᠬᠤ ᠨᠣᠷᠮ᠎ᠠ ᠶᠢ 80%᠎ ᠠᠴᠠ ᠳᠣᠣᠷ᠎ᠠ ᠦᠭᠡᠢ ᠪᠠᠶᠢᠯᠭᠠᠵᠤ᠂ ᠨᠡᠭᠦᠷᠡᠰᠦᠨ ᠠᠭᠤᠷᠬᠠᠢ ᠶᠢᠨ ᠤᠰᠤ ᠵᠠᠯᠠᠬᠤ᠂ ᠴᠠᠬᠢᠯᠭᠠᠨ ᠬᠠᠩᠭᠠᠬᠤ ᠳᠤ ᠬᠥᠮᠥᠨ ᠦᠭᠡᠢ ᠵᠢᠵᠢᠭᠦᠷᠯᠡᠬᠦ ᠶᠢ ᠪᠡᠶᠡᠯᠡᠭᠦᠯᠵᠦ᠂ ᠬᠤᠳᠳᠤᠭ ᠳᠣᠣᠷᠠᠬᠢ ᠠᠵᠢᠯᠲᠠᠨ ᠢ 2023 ᠣᠨ ᠤ ᠬᠢ ᠠᠴᠠ 10% ᠎ ᠠᠴᠠ ᠳᠡᠭᠡᠭᠰᠢ ᠪᠠᠭᠠᠰᠬᠠᠨ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠨᠡᠭᠦᠷᠡᠰᠦᠨ ᠠᠭᠤᠷᠬᠠᠢ ᠶᠢᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号