ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ︽ᠲᠡᠷᠭᠡ ᠣᠩᠭᠤᠴᠠ ᠶᠢᠨ ᠭᠠᠶᠢᠯᠢ ᠶᠢ ᠬᠠᠰᠤᠵᠤ | ᠬᠡᠯᠲᠦᠷᠢᠭᠦᠯᠬᠦ ᠬᠠᠷᠠᠭᠠᠯᠵᠠᠯ ᠭᠥᠷᠳᠡᠬᠦ ᠡᠨᠧᠷᠭᠢ ᠠᠷᠪᠢᠯᠠᠬᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠯᠪᠡᠷᠢ ᠶᠢᠨ | ᠭᠠᠷᠴᠠᠭ︾ ︵ᠵᠢᠷᠠᠨ ᠲᠠᠪᠤᠳᠤᠭᠠᠷ ᠪᠦᠯᠦᠭ︶ ᠢ ᠨᠡᠶᠢᠲᠡᠯᠡᠪᠡ | ︽ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠬᠡᠯᠪᠡᠷᠢ ᠶᠢᠨ ᠭᠠᠷᠴᠠᠭ︾ ︵ᠶᠢᠰᠦᠳᠦᠭᠡᠷ ᠪᠦᠯᠦᠭ︶ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠶᠠᠮᠤᠨ ᠤ ᠠᠯᠪᠠᠨ ᠵᠠᠷ 2024 ᠣᠨ ᠤ 25 ᠳ᠋ᠤᠭᠠᠷ ᠲᠣᠭᠠᠲᠤ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ | ︽ᠦᠯᠡᠳᠡᠭᠡᠬᠦ ᠴᠢᠬᠤᠯᠠᠲᠠᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠲᠤ ᠵᠠᠰᠠᠭ ᠵᠠᠬᠢᠷᠭᠠᠨ ᠤ ᠵᠥᠪᠰᠢᠶᠡᠷᠡᠯ | ᠲᠣᠭᠲᠠᠭᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾᠂ ︽ᠡᠨᠧᠷᠭᠢ ᠠᠷᠪᠢᠯᠠᠬᠤ ᠰᠢᠨ᠎ᠡ | ᠡᠨᠧᠷᠭᠢ ᠶᠢᠨ ᠲᠡᠷᠭᠡ ᠣᠩᠭᠤᠴᠠ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠳ᠋ᠯᠡᠬᠦ ᠲᠤᠬᠠᠢ | ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ᠤ ᠮᠡᠳᠡᠭᠳᠡᠯ︾ ︵ᠡᠳ᠋ ᠭᠠᠶᠢᠯᠢ 〔2018〕74 ᠳ᠋ᠦ᠋ᠭᠡᠷ ᠲᠣᠭᠠᠲᠤ︶᠂ ︽ᠲᠡᠷᠭᠡ | ᠣᠩᠭᠤᠴᠠ ᠶᠢᠨ ᠭᠠᠶᠢᠯᠢ ᠶᠢᠨ ᠬᠠᠷᠠᠭᠠᠯᠵᠠᠯ ᠭᠥᠷᠳᠡᠬᠦ ᠡᠨᠧᠷᠭᠢ ᠠᠷᠪᠢᠯᠠᠬᠤ ᠮᠠᠰᠢᠨ ᠲᠡᠷᠭᠡᠨ ᠤ ᠦᠢᠯᠡᠳᠬᠦᠨ ᠤ | ᠮᠡᠷᠭᠡᠵᠢᠯ ᠤᠨ ᠱᠠᠭᠠᠷᠳᠠᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ | ᠠᠯᠪᠠᠨ ᠵᠠᠷ︾ ︵2024 ᠣᠨ ᠤ 10 ᠳ᠋ᠤᠭᠠᠷ ᠲᠣᠭᠠᠲᠤ︶᠂ ︽ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ | ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠠᠮᠤᠨ ᠤ ᠠᠯᠪᠠᠨ ᠵᠠᠷ︾ ︵2017 ᠣᠨ ᠤ 172 ᠳ᠋ᠤᠭᠠᠷ ᠲᠣᠭᠠᠲᠤ︶᠂ ︽ᠰᠢᠨ᠎ᠡ ᠡᠨᠧᠷᠭᠢ ᠶᠢᠨ | ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠰᠢᠯᠢᠳᠡᠭᠵᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶ᠎ᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠠᠯᠪᠠᠨ ᠵᠠᠷ︾ ︵2023 ᠣᠨ ᠤ 10 | ᠳ᠋ᠤᠭᠠᠷ ᠲᠣᠭᠠᠲᠤ︶᠂ ︽ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠦᠢᠯᠡᠳᠬᠦᠨ ᠤ ᠮᠡᠷᠭᠡᠵᠢᠯ ᠤᠨ ᠱᠠᠭᠠᠷᠳᠠᠯᠭ᠎ᠠ ᠳᠤ ᠲᠣᠬᠢᠷᠠᠭᠤᠯᠤᠯᠲᠠ ᠬᠢᠬᠦ ᠲᠤᠬᠠᠢ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ ᠶᠢᠨ ᠠᠯᠪᠠᠨ ᠵᠠᠷ︾ ︵2023 ᠣᠨ ᠤ 32 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠣᠳᠣ ᠵᠥᠪᠰᠢᠶᠡᠷᠡᠭᠰᠡᠨ ︽ᠵᠠᠮ ᠬᠠᠷᠢᠯᠴᠠᠭᠠᠨ ᠤ ᠮᠠᠰᠢᠨ ᠲᠡᠷᠭᠡ ᠦᠢᠯᠡᠳᠪᠦᠷᠢᠯᠡᠬᠦ | ᠠᠵᠤ ᠠᠬᠤᠶᠢᠯᠠᠯ ᠵᠢᠴᠢ ᠦᠢᠯᠡᠳᠬᠦᠨ︾ ︵386 ᠳ᠋ᠤᠭᠠᠷ ᠪᠦᠯᠦᠭ︶ ᠵᠢᠴᠢ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ ᠶᠢᠨ ᠵᠥᠪᠰᠢᠶᠡᠷᠡᠭᠰᠡᠨ ︽ᠲᠡᠷᠭᠡ ᠣᠩᠭᠤᠴᠠ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ | ᠬᠠᠷᠠᠭᠠᠯᠵᠠᠯ ᠢ ᠬᠦᠷᠲᠡᠬᠦ ᠡᠨᠧᠷᠭᠢ ᠠᠷᠪᠢᠯᠠᠬᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠯᠪᠡᠷᠢ ᠶᠢᠨ ᠭᠠᠷᠴᠠᠭ︾ | ︵ᠵᠢᠷᠠᠨ ᠲᠠᠪᠤᠳᠤᠭᠠᠷ ᠪᠦᠯᠦᠭ︶᠂ ︽ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠯᠪᠡᠷᠢ ᠶᠢᠨ ᠭᠠᠷᠴᠠᠭ︾ ︵ᠶᠢᠰᠦᠳᠦᠭᠡᠷ ᠪᠦᠯᠦᠭ︶ ᠢ ᠵᠠᠷᠯᠠᠨ ᠨᠡᠶᠢᠲᠡᠯᠡᠰᠦᠭᠡᠢ᠃ | |