ᠣᠶᠢᠷ᠎ᠠ ᠶᠢᠨ ᠵᠢᠯ᠂ ᠤᠯᠠᠭᠠᠨᠬᠠᠭᠠᠯᠠᠭ᠎ᠠ ᠰᠤᠮᠤ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ | ᠪᠣᠯᠭᠠᠬᠤ ᠭᠤᠣᠯ ᠰᠢᠵᠢᠮ ᠤᠨ ᠲᠣᠭᠤᠷᠢᠨ ᠳᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ | ᠪᠠᠶᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠠᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠠᠵᠤ ᠠᠬᠤᠢ᠂ ᠤᠯᠤᠰ | ᠲᠥᠷᠥ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠪᠠ ᠨᠠᠮ ᠤᠨ ᠪᠠᠶᠢᠭᠤᠯᠤᠯᠲᠠ ᠶᠢᠨ ᠡᠯ᠎ᠡ | ᠵᠦᠢᠯ ᠤᠨ ᠪᠠᠶᠢᠭᠤᠯᠤᠯᠲᠠ ᠳᠤ ᠠᠭᠤᠰᠬᠠᠨ᠂ ᠪᠣᠯᠪᠠᠰᠤᠨ ᠢ ᠡᠭᠦᠳᠦᠨ ᠪᠠᠶᠢᠭᠤᠯᠬᠤ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠳᠤ ᠣᠷᠣᠭᠤᠯᠵᠤ᠂ ᠡᠯ᠎ᠡ ᠭᠠᠴᠠᠭᠠᠨ ᠤ ︽ᠲᠣᠰᠬᠤᠨ ᠤ ᠲᠣᠭᠲᠠᠭᠠᠯ ᠠᠷᠠᠳ ᠤᠨ ᠭᠡᠷ᠎ᠡ︾ | ᠳᠤ ᠣᠷᠣᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠥᠷᠲᠡᠭᠡ ᠶᠢᠨ | ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠪᠣᠯᠪᠠᠰᠤᠨ ᠤ ᠰᠢᠨ᠎ᠡ ᠰᠤᠷᠲᠠᠯ ᠢ ᠪᠣᠶᠢᠵᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠂ ᠦᠵᠡᠯ ᠰᠠᠨᠠᠭ᠎ᠠ ᠣᠶᠢᠯᠠᠭᠠᠭᠳᠠᠬᠤᠨ᠂ | ᠠᠮᠢᠳᠤᠷᠠᠯ ᠤᠨ ᠠᠷᠭ᠎ᠠ ᠮᠠᠶ᠋ᠢᠭ ᠤᠨ ᠲᠠᠯ᠎ᠠ ᠪᠠᠷ ᠣᠳᠣᠬᠢᠴᠢᠯᠠᠯᠲᠠ ᠳᠠᠰᠢ ᠤᠷᠤᠭᠰᠢᠯᠠᠭᠤᠯᠵᠤ᠂ ᠮᠠᠯ ᠠᠵᠤ | ᠠᠬᠤᠢ ᠶᠢᠨ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠨᠤᠲᠤᠭ ᠪᠡᠯᠴᠢᠭᠡᠷ ᠤᠨ | ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ | ᠪᠠᠶᠢᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠵᠠᠢ᠃ | ᠤᠯᠠᠭᠠᠨᠬᠠᠭᠠᠯᠠᠭ᠎ᠠ ᠰᠤᠮᠤ ᠨᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ | ᠠᠵᠢᠯ ᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠭᠠᠷᠳᠠᠴᠠ | ᠪᠣᠯᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠤᠬᠠᠭᠤᠯᠭ᠎ᠠ ᠶᠢ ᠥᠷᠨᠢᠭᠦᠯᠵᠦ᠂ ︽ᠣᠯᠠᠨ | ᠲᠦᠮᠡᠨ ᠲᠠᠢ ᠬᠠᠷᠢᠯᠴᠠᠬᠤ︾ ᠰᠣᠷᠪᠤᠯᠵᠢᠯᠠᠭ᠎ᠠ᠂ ︽ᠠᠰᠠᠭᠤᠳᠠᠯ ᠢ ᠰᠢᠢᠳᠪᠦᠷᠢᠯᠡᠬᠦ︾ ᠦᠢᠯᠡᠴᠢᠯᠡᠭᠡᠨ ᠤ | ᠠᠵᠢᠯᠯᠠᠭ᠎ᠠ ᠶᠢ 5 ᠤᠳᠠᠭ᠎ᠠ ᠥᠷᠨᠢᠭᠦᠯᠵᠦ᠂ 59 ᠤᠳᠠᠭ᠎ᠠ ᠤᠬᠠᠭᠤᠯᠭ᠎ᠠ ᠶᠢᠨ ᠠᠵᠢᠯᠯᠠᠭ᠎ᠠ᠂ 30 ᠤᠳᠠᠭ᠎ᠠ | ᠨᠠᠮ ᠤᠨ ᠬᠢᠴᠢᠶᠡᠯ ᠪᠤᠯᠤᠨ16 ᠤᠳᠠᠭ᠎ᠠ ᠤᠳᠬ᠎ᠠ ᠤᠷᠠᠯᠢᠭ ᠤᠨ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠶᠢᠨ | ᠳᠡᠪᠲᠡᠷ ᠢ 81299 ᠬᠤᠪᠢ ᠲᠠᠷᠬᠠᠭᠠᠪᠠ᠃ ᠰᠤᠮᠤ ᠭᠠᠴᠠᠭᠠᠨ ᠤ ᠺᠠᠳ᠋ᠷᠴᠤᠳ 6109 ᠤᠳᠠᠭ᠎ᠠ ᠡᠷᠦᠬᠡ ᠳᠤ | ᠬᠦᠷᠴᠦ᠂ ︽ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠣᠳᠣᠷᠬᠠᠢ ᠺᠠᠷᠲ︾ ᠪᠠ ︽ | ᠨᠢᠭᠡ ᠳᠡᠪᠲᠡᠷ ᠬᠥᠭᠵᠢᠯᠲᠡ ᠶᠢᠨ ᠲᠠᠩᠰᠠ︾ ᠶᠢ 4000 ᠬᠤᠪᠢ ᠲᠠᠷᠬᠠᠭᠠᠨ᠂ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ 140 ᠤᠳᠠᠭ᠎ᠠ ᠥᠷᠨᠢᠭᠦᠯᠵᠦ᠂ ᠠᠷᠠᠳ ᠲᠦᠮᠡᠨ ᠳᠤ ᠦᠢᠯᠡᠴᠢᠯᠡᠬᠦ ᠪᠣᠳᠠᠲᠤ | ᠶᠠᠪᠤᠳᠠᠯ ᠢ 563 ᠬᠤᠪᠢ ᠬᠢᠵᠦ᠂ ᠪᠠᠴᠢᠮ ᠪᠡᠷᠬᠡ ᠠᠰᠠᠭᠤᠳᠠᠯ ᠢ 21 ᠬᠤᠪᠢ ᠰᠢᠢᠳᠪᠦᠷᠢᠯᠡᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯ ᠤᠨ ᠲᠥᠷᠥᠭᠳᠡᠯ ᠢ | ᠪᠦᠲᠦᠮᠵᠢᠲᠡᠶ ᠳᠡᠭᠡᠭᠰᠢᠯᠡᠭᠦᠯᠵᠦ᠂ ᠤᠳᠤᠷᠢᠳᠬᠤ ᠺᠠᠳ᠋ᠷ᠂ ᠮᠠᠯᠴᠢᠨ ᠲᠦᠮᠡᠨ ᠤ ᠪᠦᠯᠬᠦᠮᠳᠡᠨ ᠲᠡᠮᠡᠴᠡᠵᠦ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠣᠯᠭᠠᠪᠠ᠃ | ᠤᠯᠠᠭᠠᠨᠬᠠᠭᠠᠯᠠᠭ᠎ᠠ ᠰᠤᠮᠤᠨ ᠤ 99 ᠨᠤᠮᠧᠷᠳᠣ ᠠᠶᠠᠯᠠᠯ ᠤᠨ ᠵᠠᠮ ᠤᠨ ᠤᠯᠠᠭ᠎ᠠ ᠥᠷᠲᠡᠭᠡᠨ ᠳᠤ ︽ᠠᠨᠠᠷ ᠤᠨ | ᠦᠷ᠎ᠡ︾ ᠶᠢᠨ ᠬᠢᠴᠢᠶᠡᠯ ᠤᠨ ᠲᠠᠩᠬᠢᠮ ᠪᠠᠶᠢᠭᠤᠯᠵᠤ᠂ ︽ᠤᠯᠤᠰ ᠤᠨ ᠬᠡᠦᠬᠡᠳ︾᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠬᠤᠪᠢ ᠬᠥᠮᠥᠨ᠂ ᠨᠠᠮ ᠤᠨ ᠰᠤᠷᠭᠠᠭᠤᠯᠢ ᠶᠢᠨ ᠪᠠᠭᠰᠢ᠂ ᠰᠤᠮᠤᠨ ᠤ ᠤᠳᠤᠷᠢᠳᠬᠤ | ᠺᠠᠳ᠋ᠷᠴᠤᠳ ᠢᠶᠠᠷ ᠪᠦᠷᠢᠯᠳᠦᠭᠰᠡᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠶᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠰᠤᠮᠤ ᠭᠠᠴᠠᠭ᠎ᠠ ᠬᠤᠶᠠᠷ | ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠳᠤ ᠣᠷᠣᠭᠤᠯᠤᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠲᠤᠰᠬᠠᠢ ᠰᠡᠳᠦᠪᠲᠦ ᠬᠦᠮᠦᠵᠢᠯ ᠢ ᠡᠷᠭᠢᠯᠡᠵᠦ᠂ ᠰᠤᠳᠤᠯᠤᠨ | ᠰᠤᠷᠤᠯᠴᠠᠬᠤ᠂ ᠲᠠᠶᠢᠯᠤᠮᠵᠢ ᠬᠢᠬᠦ᠂ ᠲᠤᠰᠬᠠᠢ ᠰᠡᠳᠦᠪᠲᠦ ᠨᠠᠮ ᠤᠨ ᠬᠢᠴᠢᠶᠡᠯ᠂ ᠥᠯᠢᠭᠡᠷ ᠢ ᠬᠤᠪᠢᠶᠠᠯᠴᠠᠨ ᠡᠳ᠋ᠯᠡᠬᠦ | ᠵᠡᠷᠭᠡ ᠭᠤᠣᠯ ᠰᠡᠳᠦᠪ ᠤᠨ ᠲᠣᠭᠤᠷᠢᠨ ᠳᠤ 40 ᠭᠠᠷᠤᠢ ᠤᠳᠠᠭ᠎ᠠ ᠠᠵᠢᠯᠯᠠᠭ᠎ᠠ ᠥᠷᠨᠢᠭᠦᠯᠪᠡ᠃ | ᠡᠬᠦᠨ ᠤ ᠬᠠᠮᠳᠣ᠂ ᠰᠣᠮᠤᠨ ᠤ ᠳᠡᠰ ᠤᠨ ᠦᠨᠳᠦᠰᠦᠲᠡᠨ ᠤ ᠪᠦᠯᠬᠦᠮᠳᠡᠯ ᠤᠨ ᠭᠡᠷ ᠪᠦᠯᠢ᠂ ᠭᠠᠴᠠᠭᠠᠨ ᠤ | ᠱᠠᠲᠤᠨ ᠤ ᠦᠨᠳᠦᠰᠦᠲᠡᠨ ᠤ ᠪᠦᠯᠬᠦᠮᠳᠡᠯ ᠤᠨ ᠭᠡᠷ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠶᠢᠨ | ᠦᠨᠳᠦᠰᠦᠲᠡᠨ ᠤ ᠪᠦᠯᠬᠦᠮᠳᠡᠯ ᠤᠨ ᠭᠡᠷ ᠪᠦᠯᠢ ᠶᠢᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢ | ᠭᠦᠢᠴᠡᠳ ᠪᠠᠳᠠᠷᠠᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠡᠷᠦᠬᠡ | ᠪᠦᠷᠢ ᠳᠤ ᠬᠦᠷᠲᠡᠯ᠎ᠡ ᠦᠷᠭᠦᠯᠵᠢᠯᠡᠭᠦᠯᠵᠦ᠂ ︽1+5+N︾ ᠤᠨ ᠵᠠᠭᠪᠤᠷ ᠢᠶᠠᠷ ᠦᠨᠳᠦᠰᠦᠲᠡᠨ ᠤ ᠪᠦᠯᠬᠦᠮᠳᠡᠯ ᠢ | ᠠᠬᠢᠭᠤᠯᠤᠭᠰᠠᠨ ᠪᠠᠶᠢᠨ᠎ᠠ᠃ | | |