ᠣᠶᠢᠷ᠎ᠠ ᠶᠢᠨ ᠵᠢᠯ᠂ ᠮᠠᠨ ᠤ ᠠᠶᠢᠮᠠᠭ ᠨᠡᠭᠦᠷᠡᠰᠦᠨ ᠠᠭᠤᠷᠬᠠᠢ ᠶᠢ ᠨᠡᠭᠡᠭᠡᠨ ᠮᠠᠯᠲᠠᠬᠤ᠂ ᠮᠡᠷᠭᠡᠵᠢᠯ᠂ ᠲᠤᠨᠤᠭ | ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠢᠳᠡᠪᠬᠢᠲᠡᠢ ᠠᠬᠢᠭᠤᠯᠪᠠ᠃ ᠣᠳᠣᠬᠠᠨ ᠳᠤ᠂ ᠰᠢᠯᠢ ᠶᠢᠨ ᠭᠤᠣᠯ | ᠠᠶᠢᠮᠠᠭ ᠤᠨ ᠨᠡᠭᠦᠷᠡᠰᠦᠨ ᠠᠭᠤᠷᠬᠠᠢ ᠳᠤ 5G ᠮᠡᠳᠡᠭᠡ ᠵᠠᠩᠭᠢᠵᠢᠯᠲᠠ ᠶᠢᠨ ᠰᠢᠰᠲ᠋ᠧᠮ ᠵᠡᠷᠭᠡ 294 ᠵᠦᠢᠯ ᠤᠨ | ᠣᠶᠤᠨᠴᠢᠯᠠᠭᠰᠠᠨ ᠲᠦᠷᠦᠯ ᠵᠦᠢᠯ ᠢ ᠪᠠᠶᠢᠭᠤᠯᠵᠤ᠂ ᠨᠡᠶᠢᠲᠡ 19.15 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ︔ ᠠᠶᠤᠯ ᠲᠠᠢ ᠠᠵᠢᠯ ᠤᠨ ᠪᠠᠶᠢᠷᠢ ᠳᠠᠬᠢ ᠬᠥᠮᠥᠨ ᠤ ᠬᠦᠴᠦᠨ ᠢ ᠴᠥᠭᠡᠳᠬᠡᠵᠦ᠂ ᠪᠥᠬᠦ | ᠠᠶᠢᠮᠠᠭ ᠤᠨ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ | ᠬᠥᠭᠵᠢᠬᠦ ᠶᠢ ᠠᠬᠢᠭᠤᠯᠪᠠ᠃ | ᠣᠶᠢᠷ᠎ᠠ ᠳᠤ᠂ ᠠᠶᠢᠮᠠᠭ ᠤᠨ ᠡᠨᠧᠷᠭᠢ ᠶᠢᠨ ᠲᠣᠪᠴᠢᠶ᠎ᠠ ᠢᠯᠠᠯᠲᠠ ᠪᠠᠷᠠᠭᠤᠨ ᠨᠢᠭᠡᠳᠦᠭᠡᠷ᠂ ᠪᠠᠶᠠᠨᠬᠤᠸᠠ ᠭᠤᠷᠪᠠᠳᠤᠭᠠᠷ᠂ | ᠪᠠᠶᠠᠨᠬᠤᠸᠠ ᠳᠥᠷᠪᠡᠳᠦᠭᠡᠷ ᠵᠡᠷᠭᠡ 3 ᠠᠵᠤ ᠠᠬᠤᠶᠢᠯᠠᠯ ᠢᠶᠠᠷ ᠬᠡᠪ ᠳᠠᠭᠤᠷᠢᠶᠠᠯ ᠪᠣᠯᠭᠠᠵᠤ᠂ ᠪᠦᠬᠦ ᠠᠶᠢᠮᠠᠭ ᠤᠨ ᠨᠡᠭᠦᠷᠡᠰᠦᠨ | ᠠᠭᠤᠷᠬᠠᠢ ᠶᠢᠨ ᠣᠶᠤᠨᠴᠢᠯᠠᠭᠰᠠᠨ ᠬᠡᠪ ᠳᠠᠭᠤᠷᠢᠶᠠᠯ ᠤᠨ ᠴᠢᠨᠠᠷᠲᠠᠢ ᠠᠷᠭ᠎ᠠ ᠬᠡᠮᠵᠢᠶ᠎ᠡ ᠶᠢ ᠳᠡᠯᠭᠡᠷᠡᠭᠦᠯᠦᠨ ᠬᠡᠷᠡᠭᠯᠡᠬᠦ ᠶᠢ | ᠠᠬᠢᠭᠤᠯᠵᠤ᠂ ᠵᠠᠳᠠᠭᠠᠢ ᠨᠡᠭᠦᠷᠡᠰᠦᠨ ᠠᠭᠤᠷᠬᠠᠢ ᠳᠤ ᠵᠢᠯᠣᠭᠤᠴᠢ ᠦᠭᠡᠢ ᠮᠠᠰᠢᠨ ᠢᠶᠠᠷ ᠪᠠᠶᠢᠩᠭᠤ ᠠᠵᠢᠯᠯᠠᠭᠤᠯᠬᠤ᠂ ᠭᠤᠮ | ᠪᠦᠰᠡᠲᠦ ᠮᠠᠰᠢᠨ ᠤ ᠣᠶᠤᠨᠲᠤ ᠲᠣᠭᠤᠷᠢᠨ ᠪᠠᠶᠢᠴᠠᠭᠠᠯᠲᠠ ᠪᠠᠷ ᠪᠦᠬᠦᠨ ᠢ ᠣᠷᠣᠯᠠᠭᠤᠯᠬᠤ᠂ ᠣᠶᠤᠨᠴᠢᠯᠠᠭᠰᠠᠨ ᠠᠮᠤᠷ | ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠬᠤᠳᠳᠤᠭ ᠤᠨ ᠠᠭᠤᠷᠬᠠᠢ ᠶᠢᠨ ᠣᠶᠤᠨᠴᠢ | ᠮᠠᠯᠲᠠᠯᠲᠠ ᠶᠢ ᠳᠡᠯᠭᠡᠷᠡᠭᠦᠯᠦᠨ ᠬᠡᠷᠡᠭᠯᠡᠬᠦ᠂ ᠣᠶᠤᠨᠴᠢᠯᠠᠭᠰᠠᠨ ᠨᠡᠭᠦᠷᠡᠰᠦ ᠮᠠᠯᠲᠠᠬᠤ ᠠᠵᠢᠯᠯᠠᠭᠠᠨ ᠤ ᠪᠣᠳᠠᠲᠤ ᠦᠷ᠎ᠡ | ᠪᠦᠲᠦᠮᠵᠢ ᠶᠢ ᠳᠡᠭᠡᠭᠰᠢᠯᠡᠭᠦᠯᠭᠦ᠂ ᠴᠠᠬᠢᠯᠭᠠᠨ ᠬᠠᠩᠭᠠᠵᠤ ᠤᠰᠤ ᠵᠠᠯᠠᠬᠤ ᠳᠤ ᠬᠥᠮᠥᠨ ᠦᠭᠡᠢ ᠪᠠᠷ ᠵᠢᠵᠢᠭᠦᠷᠯᠡᠭᠦᠯᠬᠦ ᠵᠡᠷᠭᠡ 6 | ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠱᠠᠯᠠᠪᠳᠠᠨ ᠪᠡᠶᠡᠯᠡᠭᠦᠯᠵᠦ᠂ ᠲᠣᠭᠠᠴᠢᠯᠠᠭᠰᠠᠨ ᠣᠶᠤᠨᠲᠤ ᠮᠡᠷᠭᠡᠵᠢᠯ ᠬᠢᠭᠡᠳ | ᠨᠡᠭᠦᠷᠡᠰᠦᠨ ᠤ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠪᠥᠬᠦ ᠠᠶᠢᠮᠠᠭ ᠤᠨ ᠨᠡᠭᠦᠷᠡᠰᠦᠨ | ᠠᠭᠤᠷᠬᠠᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠨᠡᠭᠦᠷᠡᠰᠦᠨ ᠠᠭᠤᠷᠬᠠᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠠᠳᠠᠷᠠᠭᠤᠯᠬᠤ ᠶᠢ | ᠠᠬᠢᠭᠤᠯᠵᠤ ᠪᠠᠶᠢᠨ᠎ᠠ᠃ | 2025 ᠣᠨ ᠤ ᠰᠡᠭᠦᠯᠴᠢ ᠪᠤᠯᠳᠠᠯ᠎ᠠ᠂ ᠮᠠᠨ ᠤ ᠠᠶᠢᠮᠠᠭ ᠵᠠᠳᠠᠭᠠᠢ ᠨᠡᠭᠦᠷᠡᠰᠦᠨ ᠠᠭᠤᠷᠬᠠᠢ ᠶᠢᠨ ᠵᠢᠯᠣᠭᠤᠴᠢ ᠦᠭᠡᠢ | ᠮᠠᠰᠢᠨ ᠤ ᠬᠡᠪᠴᠢᠶ᠎ᠡ ᠶᠢ 180 ᠰᠠᠤᠷᠢ ᠶᠢ ᠳᠠᠪᠠᠭᠤᠯᠵᠤ᠂ ᠵᠢᠯᠣᠭᠤᠴᠢ ᠦᠭᠡᠢ ᠮᠠᠰᠢᠨ ᠤ ᠠᠵᠢᠯᠯᠠᠭᠠᠨ ᠤ ᠦᠷ᠎ᠡ | ᠪᠦᠲᠦᠮᠵᠢ ᠶᠢ ᠵᠢᠯᠣᠭᠤᠴᠢ ᠲᠠᠢ ᠮᠠᠰᠢᠨ ᠤ 80% ᠳᠤ ᠬᠦᠷᠭᠡᠨ᠂ ᠭᠤᠮ ᠪᠦᠰᠡᠲᠦ ᠮᠠᠰᠢᠨ ᠤ ᠣᠶᠤᠨᠲᠤ ᠲᠣᠭᠤᠷᠢᠨ | ᠪᠠᠶᠢᠴᠠᠭᠠᠯᠲᠠ ᠪᠠᠷ ᠣᠷᠣᠯᠠᠭᠤᠯᠬᠤ ᠨᠣᠷᠮ᠎ᠠ ᠶᠢ 80% ᠳᠤ ᠬᠦᠷᠭᠡᠵᠦ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ | ᠲᠦᠪᠰᠢᠨ ᠤ ᠬᠠᠮᠢᠶᠠᠷᠤᠨ ᠡᠵᠡᠮᠳᠡᠬᠦ ᠲᠠᠪᠴᠠᠩ ᠤᠨ ᠬᠡᠷᠡᠭᠯᠡᠯᠲᠡ ᠶᠢ ᠨᠡᠶᠢᠳᠡᠮ ᠪᠦᠷᠬᠦᠭᠦᠯᠬᠦ ᠶᠢ ᠠᠬᠢᠭᠤᠯᠵᠤ᠂ | ᠣᠷᠣᠭᠤᠯᠬᠤ ᠶᠢ ᠵᠥᠪᠰᠢᠶᠡᠷᠡᠬᠦ᠂ ᠤᠷᠢᠳᠴᠢᠯᠠᠨ ᠰᠡᠷᠡᠮᠵᠢᠯᠡᠭᠦᠯᠬᠦ᠂ ᠬᠢᠨᠠᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠭᠠᠬᠤ᠂ | ᠪᠣᠯᠪᠠᠰᠤᠷᠠᠯ ᠬᠦᠷᠲᠡᠭᠡᠬᠦ ᠵᠡᠷᠭᠡ 6 ᠵᠦᠢᠯ ᠤᠨ ᠴᠢᠳᠠᠮᠵᠢ ᠶᠢ ᠪᠡᠶᠡᠯᠡᠭᠦᠯᠬᠦ ᠪᠠᠷ ᠪᠠᠶᠢᠨ᠎ᠠ︔ ᠬᠤᠳᠳᠤᠭ ᠤᠨ ᠨᠡᠭᠦᠷᠡᠰᠦᠨ | ᠠᠭᠤᠷᠬᠠᠢ ᠳᠤ ᠣᠶᠤᠨᠴᠢᠯᠠᠭᠰᠠᠨ ᠠᠵᠢᠯ ᠤᠨ ᠬᠡᠪᠴᠢᠶ᠎ᠡ ᠶᠢ ᠪᠠᠶᠢᠩᠭᠤᠵᠢᠭᠤᠯᠤᠨ ᠠᠵᠢᠯᠯᠠᠭᠤᠯᠬᠤ ᠨᠣᠷᠮ᠎ᠠ ᠶᠢ 80% ᠠᠴᠠ | ᠳᠣᠣᠷ᠎ᠠ ᠦᠭᠡᠢ ᠪᠠᠶᠢᠯᠭᠠᠵᠤ᠂ ᠨᠡᠭᠦᠷᠡᠰᠦᠨ ᠠᠭᠤᠷᠬᠠᠢ ᠶᠢᠨ ᠤᠰᠤ ᠵᠠᠯᠠᠬᠤ᠂ ᠴᠠᠬᠢᠯᠭᠠᠨ ᠬᠠᠩᠭᠠᠬᠤ ᠳᠤ ᠬᠥᠮᠥᠨ ᠦᠭᠡᠢ | ᠵᠢᠵᠢᠭᠦᠷᠯᠡᠬᠦ ᠶᠢ ᠪᠡᠶᠡᠯᠡᠭᠦᠯᠵᠦ᠂ ᠬᠤᠳᠳᠤᠭ ᠳᠣᠣᠷᠠᠬᠢ ᠠᠵᠢᠯᠲᠠᠨ ᠢ 2023 ᠣᠨ ᠤ ᠬᠢ ᠠᠴᠠ 10% ᠠᠴᠠ ᠳᠡᠭᠡᠭᠰᠢ | ᠪᠠᠭᠠᠰᠬᠠᠨ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠨᠡᠭᠦᠷᠡᠰᠦᠨ ᠠᠭᠤᠷᠬᠠᠢ ᠶᠢᠨ | ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃ | |