ᠮᠠᠨ ᠤ ᠣᠷᠣᠨ ᠭᠡᠷ ᠤᠨ ᠬᠠᠭᠤᠴᠢᠨ ᠴᠠᠬᠢᠯᠭᠠᠨ ᠬᠡᠷᠡᠭᠰᠡᠯ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠡᠶᠢᠲᠡᠯᠡᠪᠡ
ᠨᠡᠶᠢᠲᠡᠯᠡᠭᠰᠡᠨ ᠴᠠᠭ᠄
2024/10/23
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 5 ᠰᠠᠯᠠᠭ᠎ᠠ ᠮᠥᠴᠢᠷ ︽ᠪᠥᠬᠦ ᠣᠷᠣᠨ ᠤ ᠭᠡᠷ ᠤᠨ ᠬᠠᠭᠤᠴᠢᠨ ᠴᠠᠬᠢᠯᠭᠠᠨ ᠬᠡᠷᠡᠭᠰᠡᠯ  ᠢᠶᠠᠷ ᠰᠢᠨ᠎ᠡ ᠶᠢ ᠰᠣᠯᠢᠬᠤ ᠨᠡᠮᠡᠭᠦᠷᠢ ᠶᠢᠨ ᠠᠵᠢᠯ ᠢ ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ︾ ᠢ ᠨᠡᠶᠢᠲᠡᠯᠡᠪᠡ᠃ ᠨᠡᠮᠡᠭᠦᠷᠢ ᠶᠢᠨ ᠵᠦᠢᠯ ᠤᠨ ᠲᠠᠯ᠎ᠠ ᠪᠠᠷ᠂ ᠬᠡᠷᠡᠭᠯᠡᠭᠴᠢ ᠬᠤᠪᠢ ᠬᠥᠮᠥᠨ ᠲᠧᠯᠸᠢᠰ᠂ ᠠᠭᠠᠷ ᠲᠣᠬᠢᠷᠠᠭᠤᠯᠤᠭᠴᠢ᠂ ᠤᠲᠤᠭ᠎ᠠ ᠰᠣᠷᠣᠬᠤ ᠮᠠᠰᠢᠨ ᠵᠡᠷᠭᠡ 15 ᠲᠥᠷᠥᠯ ᠤᠨ ᠦᠢᠯᠡᠳᠬᠦᠨ ᠬᠤᠳᠠᠯᠳᠤᠨ ᠠᠪᠬᠤ ᠳᠤ  ᠨᠢ ᠨᠡᠮᠡᠭᠦᠷᠢ ᠣᠯᠭᠤᠨ᠎ᠠ᠃ ᠨᠥᠬᠦᠴᠡᠯ ᠲᠠᠢ ᠠᠶᠢᠮᠠᠭ ᠬᠤᠲᠠ ᠶᠢᠨ ᠬᠢᠨ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠪᠠᠭᠤᠳᠠᠯ ᠤᠨ ᠲᠧᠯᠸᠢᠰ ᠤᠨ ᠦᠵᠦᠭᠦᠷ ᠢ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢᠨ ᠨᠡᠮᠡᠭᠦᠷᠢ ᠣᠯᠭᠤᠬᠤ ᠬᠡᠪᠴᠢᠶᠡᠨ ᠳᠤ ᠣᠷᠣᠭᠤᠯᠬᠤ ᠶᠢ ᠵᠣᠷᠢᠭᠵᠢᠭᠤᠯᠬᠤ ᠬᠡᠷᠡᠭᠲᠡᠢ᠃ ᠨᠡᠮᠡᠭᠦᠷᠢ ᠣᠯᠭᠤᠬᠤ ᠪᠠᠷᠢᠮᠵᠢᠶ᠎ᠠ ᠶᠢᠨ ᠲᠠᠯ᠎ᠠ ᠪᠠᠷ᠂ ᠬᠡᠷᠡᠭᠯᠡᠭᠴᠢ ᠬᠤᠪᠢ ᠬᠥᠮᠥᠨ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠲᠠᠢ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠢ ᠬᠤᠳᠠᠯᠳᠤᠨ ᠠᠪᠤᠪᠠᠯ᠂ ᠨᠡᠮᠡᠭᠦᠷᠢ ᠣᠯᠭᠤᠬᠤ ᠪᠠᠷᠢᠮᠵᠢᠶ᠎ᠠ ᠨᠢ ᠦᠢᠯᠡᠳᠬᠦᠨ ᠤ ᠬᠠᠮᠤᠭ ᠡᠴᠦᠰ ᠤᠨ ᠪᠣᠷᠣᠯᠠᠭᠤᠯᠤᠭᠰᠠᠨ ᠦᠨ᠎ᠡ ᠬᠠᠩᠰᠢ ᠶᠢᠨ 15%᠂ ᠨᠢᠭᠡᠳᠦᠭᠡᠷ ᠳᠡᠰ ᠵᠢᠴᠢ ᠲᠡᠭᠦᠨ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠪᠠ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠢ ᠬᠤᠳᠠᠯᠳᠤᠨ ᠠᠪᠤᠪᠠᠯ᠂ ᠦᠢᠯᠡᠳᠬᠦᠨ ᠤ ᠬᠠᠮᠤᠭ ᠡᠴᠦᠰ ᠤᠨ ᠪᠣᠷᠣᠯᠠᠭᠤᠯᠬᠤ ᠦᠨ᠎ᠡ ᠬᠠᠩᠰᠢ ᠶᠢᠨ 5%  ᠪᠠᠷ ᠢᠯᠡᠭᠦᠴᠡ ᠨᠡᠮᠡᠭᠦᠷᠢ ᠣᠯᠭᠤᠨ᠎ᠠ᠃ ᠬᠡᠷᠡᠭᠯᠡᠭᠴᠢᠳ ᠨᠢᠭᠡᠪᠦᠷᠢ ᠶᠢᠨ ᠨᠢᠭᠡ ᠲᠦᠷᠦᠯ ᠤᠨ ᠦᠢᠯᠡᠳᠬᠦᠨ ᠤ ᠨᠢᠭᠡ ᠳᠤ ᠨᠢ ᠨᠡᠮᠡᠭᠦᠷᠢ ᠣᠯᠭᠤᠵᠤ᠂ ᠵᠦᠢᠯ ᠪᠦᠷᠢ ᠶᠢᠨ ᠨᠡᠮᠡᠭᠦᠷᠢ ᠨᠢ 2000 ᠲᠥᠭᠦᠷᠢᠭ ᠠᠴᠠ ᠳᠠᠪᠠᠭᠤᠯᠬᠤ ᠦᠭᠡᠢ᠂ ᠨᠡᠮᠡᠭᠦᠷᠢ ᠣᠯᠭᠤᠬᠤ ᠬᠤᠭᠤᠴᠠᠭ᠎ᠠ ᠶᠢ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃
 
ᠢᠷᠡᠯᠲᠡ᠄ ᠬᠤᠳᠠᠯᠳᠤᠭᠠᠨ ᠤ ᠶᠠᠪᠤᠳᠠᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号