ᠶᠣᠣ ᠬᠤᠩ ᠭᠠᠩ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠠᠬᠢᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/10/25
     10 ᠰᠠᠷ᠎ᠠ ᠶᠢᠨ 23᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠠᠬᠢᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠶᠢᠨ ᠬᠠᠮᠲᠤ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂  ᠬᠤᠰᠢᠭᠤ ᠨᠢᠭᠡᠳᠦᠭᠡᠷ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠳ ᠲᠠᠢ ᠬᠠᠮᠲᠤ ᠪᠠᠷ ᠵᠢᠭᠠᠨ ᠰᠤᠷᠭᠠᠯᠲᠠ ᠶᠢᠨ ᠲᠤᠷᠰᠢᠯᠭ᠎ᠠ᠂ ᠠᠵᠢᠯ ᠤᠨ ᠠᠷᠭ᠎ᠠ ᠶᠢᠨ ᠲᠤᠬᠠᠢ ᠰᠤᠳᠤᠯᠤᠨ ᠶᠠᠷᠢᠯᠴᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠤᠨ ᠰᠢᠨ᠎ᠡ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠠᠮᠲᠤ ᠪᠠᠷ ᠰᠦᠪᠡᠭᠴᠢᠯᠡᠭᠰᠡᠨ ᠪᠠᠶᠢᠨ᠎ᠠ᠃
        ᠶᠣᠣ ᠬᠤᠩ ᠭᠠᠩ ᠵᠢᠭᠠᠵᠤ ᠭᠠᠷᠭᠠᠭᠰᠠᠨ ᠨᠢ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ  ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠶᠢᠵᠤ᠂ ᠦᠨᠳᠦᠰᠦᠲᠡᠨ ᠤ  ᠣᠷᠣᠨ ᠤ ᠠᠯᠤᠰ ᠬᠡᠲᠦ ᠶᠢᠨ ᠬᠥᠭᠵᠢᠯᠲᠡ ᠶᠢ ᠠᠬᠢᠭᠤᠯᠬᠤ ᠪᠤᠰᠤᠳᠴᠢ ᠬᠡᠷᠡᠭᠴᠡᠭᠡ ᠪᠣᠯᠬᠤᠷ ᠢᠶᠠᠷ ᠪᠠᠷᠠᠬᠤ ᠦᠭᠡᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠩ ᠴᠤ ᠪᠢᠳᠡᠨ ᠤ ᠡᠷᠬᠡᠪᠰᠢ ᠰᠠᠶᠢᠲᠤᠷ ᠪᠡᠶᠡᠯᠡᠭᠦᠯᠬᠦ ᠬᠡᠷᠡᠭᠲᠡᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠣᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠤᠷᠭᠠᠭᠤᠯᠢ ᠨᠢ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢ ᠤᠷᠲᠤ ᠬᠤᠭᠤᠴᠠᠭ᠎ᠠ ᠪᠠᠷ ᠴᠢᠷᠮᠠᠶᠢᠨ ᠪᠠᠷᠢᠮᠲᠠᠯᠠᠬᠤ ᠬᠡᠷᠡᠭᠲᠡᠢ ᠭᠡᠵᠡᠢ᠃
           ᠶᠣᠣ ᠬᠤᠩ ᠭᠠᠩ ᠱᠠᠭᠠᠷᠳᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭᠠᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠠᠬᠢᠭᠤᠯᠬᠤ ᠲᠤᠬᠠᠢ ᠡᠯ᠎ᠡ ᠵᠦᠢᠯ ᠤᠨ ᠪᠣᠳᠠᠲᠠᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ ᠭᠤᠭᠴᠤᠭ᠎ᠠ ᠳᠤ ᠨᠠᠷᠢᠨ ᠪᠣᠳᠠᠲᠠᠢ ᠪᠠᠷ ᠲᠤᠤᠱᠯᠠᠭᠤᠯᠬᠤ ᠬᠡᠷᠡᠭᠲᠡᠢ᠃ ᠪᠠᠭᠰᠢ ᠠᠵᠢᠯᠲᠠᠨ ᠤ ᠡᠩᠨᠡᠭᠡ ᠶᠢ ᠬᠥᠮᠥᠵᠢᠭᠦᠯᠦᠨ ᠪᠣᠯᠪᠠᠰᠤᠷᠠᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠭᠰᠢ ᠶᠢᠨ ᠲᠤᠰᠬᠠᠢ ᠮᠡᠷᠭᠡᠵᠢᠯ ᠤᠨ ᠪᠣᠯᠪᠠᠰᠤᠷᠠᠯ ᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠶᠢᠨ ᠬᠠᠮᠲᠤ ᠬᠠᠨᠳᠤᠯᠭ᠎ᠠ ᠲᠠᠢ ᠪᠠᠷ ᠰᠢᠨ᠎ᠡ ᠪᠠᠭᠰᠢ ᠎ ᠶᠢᠨ ᠬᠦᠴᠦᠨ ᠢ ᠨᠥᠬᠦᠪᠦᠷᠢᠯᠡᠵᠦ᠂ ᠮᠠᠨ ᠤ ᠬᠤᠰᠢᠭᠤᠨ ᠤ ᠪᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠣᠰ ᠭᠠᠵᠠᠷ ᠣᠷᠣᠨ ᠤ ᠰᠣᠷᠣᠭᠴᠢ ᠶᠢᠨ ᠢᠷᠡᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠢᠯ ᠤᠨ ᠰᠡᠳᠬᠢᠮᠵᠢ ᠪᠠᠨ ᠰᠢᠨᠡᠴᠢᠯᠡᠵᠦ᠂ ᠰᠤᠷᠤᠭᠴᠢᠳ ᠤᠨ ᠤᠩᠰᠢᠬᠤ᠂ ᠪᠢᠴᠢᠬᠦ᠂ ᠬᠡᠯᠡᠬᠦ ᠴᠢᠳᠠᠪᠤᠷᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠦᠨ᠂ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠬᠡᠷᠡᠭᠯᠡᠬᠦ ᠰᠠᠭᠤᠷᠢ ᠶᠢ ᠰᠠᠶᠢᠲᠤᠷ ᠲᠠᠯᠪᠢᠵᠤ᠂ ᠪᠠᠷᠠᠭᠤᠨ ᠦᠵᠦᠮᠦᠴᠢᠨ ᠬᠤᠰᠢᠭᠤᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠤᠨ ᠯᠠᠪᠳᠠᠭᠤᠨ ᠢᠶᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᡁᠢ ᠴᠢᠶᠠᠩ᠂ ᠬᠤᠰᠢᠭᠤ ᠰᠤᠷᠭᠠᠨ ᠬᠥᠮᠦᠵᠢᠯ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号