ᠪᠠᠷᠠᠭᠤᠨ ᠦᠵᠦᠮᠦᠴᠢᠨ ᠬᠤᠰᠢᠭᠤᠨ ᠤ ᠠᠵᠢᠯ ᠣᠯᠭᠤᠯᠲᠠ ᠶᠢᠨ ᠠᠵᠢᠯ ᠤᠨ ᠲᠠᠯ᠎ᠠ ᠪᠠᠷ
ᠨᠡᠶᠢᠲᠡᠯᠡᠭᠰᠡᠨ ᠴᠠᠭ᠄
2024/10/25
      ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠃ ᠲᠡᠷᠡ ᠨᠢ ᠠᠷᠠᠳ ᠤᠯᠠᠨ ᠎ ᠤ ᠦᠨᠳᠦᠰᠦᠨ ᠠᠰᠢᠭ ᠲᠤᠰᠠ ᠳᠤ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠬᠤᠯᠪᠣᠭᠳᠠᠵᠤ ᠪᠠᠶᠢᠳᠠᠭ᠃ ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠵᠤ᠂ ᠠᠵᠢᠯ ᠣᠯᠭᠤᠯᠲᠠ ᠶᠢᠨ ᠠᠷᠭ᠎ᠠ ᠵᠠᠮ ᠢ ᠦᠷᠭᠡᠳᠭᠡᠨ᠂ ᠠᠵᠢᠯ ᠣᠯᠭᠤᠯᠲᠠ ᠎ ᠶᠢ ᠬᠠᠪᠰᠤᠷᠤᠨ ᠲᠡᠳᠬᠦᠬᠦ ᠣᠯᠠᠨ ᠠᠷᠭ᠎ᠠ ᠬᠡᠮᠵᠢᠶ᠎ᠡ ᠎ ᠪᠠᠷ ᠳᠠᠮᠵᠢᠭᠤᠯᠤᠨ᠂ ᠪᠥᠬᠦ ᠲᠠᠯ᠎ᠠ ᠪᠠᠷ ᠠᠵᠢᠯ ᠤᠨ ᠪᠠᠶᠢᠷᠢ ᠪᠠ ᠦᠢᠯᠡᠴᠢᠯᠡᠭᠡ ᠬᠠᠩᠭᠠᠨ᠂ ᠨᠠᠷᠢᠯᠢᠭ ᠤᠨᠤᠪᠴᠢᠲᠠᠢ ᠪᠠᠷ  ᠠᠵᠢᠯ ᠣᠯᠭᠤᠯᠲᠠ ᠶᠢ ᠠᠬᠢᠭᠤᠯᠵᠤ᠂ ᠥᠷᠭᠡᠨ ᠣᠯᠠᠨ ᠬᠥᠳᠡᠯᠮᠦᠷᠢᠴᠢᠳ ᠤᠨ ᠠᠵᠢᠯ ᠣᠯᠵᠤ  ᠦᠢᠯᠡᠰ ᠴᠣᠭᠴᠠᠯᠠᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃      ᠪᠠᠷᠠᠭᠤᠨ ᠦᠵᠦᠮᠦᠴᠢᠨ ᠬᠤᠰᠢᠭᠤ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠨᠢᠭᠡᠳᠦᠯᠲᠡᠢ ᠲᠥᠯᠦᠪᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ ᠤᠨ ᠠᠵᠢᠯ ᠣᠯᠬᠤ ᠪᠠ ᠦᠢᠯᠡᠰ ᠴᠣᠭᠴᠠᠯᠠᠬᠤ᠂  ᠭᠤᠣᠯᠳᠠᠯᠭ᠎ᠠ ᠲᠠᠢ ᠬᠥᠮᠥᠰ ᠢ ᠨᠠᠷᠢᠯᠢᠭ ᠤᠨᠤᠪᠴᠢᠲᠠᠢ ᠪᠠᠷ ᠬᠠᠪᠰᠤᠷᠤᠨ ᠲᠡᠳᠬᠦᠬᠦ᠂ ᠴᠡᠷᠢᠭ ᠠᠴᠠ ᠬᠠᠯᠠᠭᠳᠠᠭᠰᠠᠳ ᠤᠨ ᠪᠡᠶ᠎ᠡ ᠪᠠᠨ ᠳᠠᠭᠠᠭᠠᠵᠤ ᠠᠵᠢᠯ ᠣᠯᠬᠤ ᠶᠢ ᠬᠠᠪᠰᠤᠷᠤᠨ ᠲᠡᠳᠬᠦᠬᠦ ᠵᠡᠷᠭᠡ ᠵᠠᠩᠭᠢᠯᠠᠭ᠎ᠠ ᠶᠢᠨ ᠬᠦᠷᠢᠶ᠎ᠡ ᠴᠠᠷ᠎ᠠ ᠶᠢᠨ ᠲᠣᠭᠤᠷᠢᠨ ᠳᠤ ᠣᠯᠠᠨ ᠲᠠᠯ᠎ᠠ ᠶᠢᠨ ᠠᠷᠭ᠎ᠠ  ᠪᠣᠳᠤᠯᠭ᠎ᠠ ᠶᠢ ᠵᠡᠷᠭᠡᠪᠡᠷ ᠬᠡᠷᠡᠭᠵᠢᠭᠦᠯᠦᠨ ᠂ ᠠᠵᠢᠯ ᠣᠯᠭᠤᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠭᠤᠣᠯᠳᠠᠯᠭ᠎ᠠ ᠲᠠᠢ ᠬᠦᠮᠦᠰ ᠤᠨ ᠠᠵᠢᠯ ᠤᠯᠭᠤᠯᠲᠠ ᠶᠢ ᠦᠷᠭᠦᠯᠵᠢᠯᠡᠨ ᠠᠬᠢᠭᠤᠯᠵᠤ ᠪᠤᠢ᠃ ᠡᠭᠦᠨ ᠤ ᠵᠡᠷᠭᠡᠪᠡᠷ᠂ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠎ ᠶᠢ ᠲᠣᠭᠲᠠᠪᠤᠷᠢᠵᠢᠭᠤᠯᠬᠤ ᠠᠵᠢᠯᠯᠠᠭ᠎ᠠ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠠᠵᠢᠯᠲᠠᠨ ᠡᠯᠰᠡᠬᠦ ᠰᠢᠯᠭᠠᠯᠲᠠ᠂ ᠠᠵᠢᠯᠲᠠᠨ ᠡᠯᠰᠡᠬᠦ ᠬᠤᠷᠠᠯ ᠢᠶᠠᠷ ᠳᠡᠮᠵᠢᠨ᠂ ᠬᠥᠮᠥᠨ ᠬᠡᠷᠡᠭᠯᠡᠬᠦ ᠨᠢᠭᠡᠴᠡ ᠪᠠ ᠠᠵᠢᠯ ᠡᠷᠢᠭᠰᠡᠳ ᠲᠤ ᠠᠮᠤᠷ ᠲᠦᠪᠰᠢᠨ ᠪᠥᠭᠡᠳ ᠪᠦᠲᠦᠮᠵᠢᠲᠡᠶ ᠵᠣᠯᠭᠠᠭᠤᠯᠬᠤ ᠲᠠᠪᠴᠠᠩ ᠬᠠᠩᠭᠠᠨ ᠂  ᠠᠵᠢᠯ ᠠᠯᠳᠠᠬᠤ ᠦᠵᠡᠭᠳᠡᠯ ᠡᠭᠦᠰᠬᠦ ᠶᠢ ᠦᠨᠳᠦᠰᠦᠨ ᠠᠴᠠ ᠨᠢ ᠪᠠᠭᠠᠰᠬᠠᠨ᠂ ᠠᠵᠢᠯ ᠣᠯᠭᠤᠯᠲᠠ ᠶᠢᠨ ᠪᠠᠶᠢᠳᠠᠯ ᠤᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠠᠢ᠃ ᠣᠳᠣᠬᠠᠨ ᠪᠣᠯᠲᠠᠯ᠎ᠠ᠂ ᠬᠤᠲᠠ ᠪᠠᠯᠭᠠᠰᠤᠨ ᠤ ᠡᠯ᠎ᠡ ᠠᠵᠢᠯ ᠲᠥᠷᠥᠯ ᠤᠨ 2919 ᠬᠥᠮᠥᠨ ᠳᠤ ᠲᠣᠭᠲᠠᠪᠤᠷᠢᠲᠠᠢ ᠠᠵᠢᠯ ᠣᠯᠭᠤᠵᠤ᠂ ᠡᠭᠦᠷᠭᠡ ᠪᠠᠨ 343.4%᠎ ᠪᠠᠷ ᠪᠡᠶᠡᠯᠡᠭᠦᠯᠵᠦ᠂ ᠠᠵᠢᠯ ᠠᠯᠳᠠᠭᠰᠠᠨ 509 ᠬᠥᠮᠥᠨ ᠳᠤ ᠳᠠᠬᠢᠨ ᠠᠵᠢᠯ ᠣᠯᠭᠤᠵᠤ᠂ ᠡᠭᠦᠷᠭᠡ ᠪᠠᠨ 101.80%᠎ ᠎ ᠪᠠᠷ ᠪᠡᠶᠡᠯᠡᠭᠦᠯᠵᠦ᠂ ᠠᠵᠢᠯ ᠣᠯᠬᠤ ᠳᠤ ᠬᠦᠴᠢᠷᠲᠡᠢ 227 ᠬᠥᠮᠥᠨ ᠳᠤ ᠠᠵᠢᠯ ᠣᠯᠭᠤᠵᠤ᠂ ᠡᠭᠦᠷᠭᠡ ᠪᠠᠨ 103.18%᠎ ᠪᠠᠷ ᠪᠡᠶᠡᠯᠡᠭᠦᠯᠵᠦ᠂ ᠮᠠᠯᠵᠢᠬᠤ ᠣᠷᠣᠨ ᠳᠤ ᠨᠡᠶᠢᠲᠡ 4092 ᠬᠥᠮᠥᠨ ᠢ ᠰᠢᠯᠵᠢᠭᠦᠯᠦᠨ ᠠᠵᠢᠯ ᠣᠯᠭᠤᠵᠤ᠂ ᠡᠭᠦᠷᠭᠡ ᠪᠠᠨ 102.30%᠎ ᠪᠠᠷ ᠪᠡᠶᠡᠯᠡᠭᠦᠯᠵᠦ᠂ ᠬᠤᠲᠠ ᠪᠠᠯᠭᠠᠰᠣᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ  ᠶᠢ 1.7% ᠎ ᠳᠤ ᠪᠠᠲᠤᠯᠠᠪᠠ     ᠪᠠᠷᠠᠭᠤᠨ ᠦᠵᠦᠮᠦᠴᠢᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠷ᠎ᠠ ᠴᠢᠳᠠᠪᠤᠷᠢ ᠶᠢᠨ ᠪᠣᠯᠪᠠᠰᠣᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠰᠤ ᠴᠢᠨᠠᠷ ᠢ ᠳᠡᠭᠡᠭᠰᠢᠯᠡᠭᠦᠯᠬᠦ᠂ ᠠᠵᠢᠯ ᠣᠯᠭᠤᠯᠲᠠ ᠎ ᠶᠢ ᠠᠬᠢᠭᠤᠯᠬᠤ᠂ ᠦᠢᠯᠡᠴᠢᠯᠡᠭᠡ ᠶᠢ ᠴᠢᠬᠤᠯᠠᠴᠢᠯᠠᠬᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠭᠠᠷᠳᠠᠴᠠ ᠪᠤᠯᠭᠠᠵᠤ᠂ ᠲᠤᠬᠠᠢ ᠶᠢᠨ ᠭᠠᠵᠠᠷ ᠤᠨ ᠠᠵᠤ ᠦᠢᠯᠡᠰ ᠤᠨ ᠪᠦᠲᠦᠴᠡ ᠪᠠ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠭᠦᠨᠵᠡᠭᠡᠢ ᠰᠠᠭᠤᠷᠢᠯᠠᠨ᠂ ᠪᠣᠯᠪᠠᠰᠣᠷᠠᠯ ᠤᠨ ᠵᠠᠭᠪᠤᠷ ᠢ ᠳᠠᠰᠣᠷᠠᠯᠲᠠ ᠦᠭᠡᠢ ᠰᠢᠨᠡᠴᠢᠯᠡᠵᠦ᠂ ᠪᠣᠯᠪᠠᠰᠣᠷᠠᠯ ᠤᠨ ᠠᠭᠤᠯᠭ᠎ᠠ ᠶᠢ ᠦᠷᠭᠦᠯᠵᠢᠯᠡᠨ ᠪᠠᠶᠠᠯᠢᠭᠵᠢᠭᠤᠯᠵᠤ᠂ ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠣᠷᠠᠯ ᠤᠨ ᠳᠦᠷᠢᠮ ᠢ ᠲᠣᠣᠱᠯᠠᠭᠤᠯᠤᠨ ᠬᠡᠷᠡᠭᠵᠢᠭᠦᠯᠵᠦ᠂ ᠤᠷ᠎ᠠ ᠴᠢᠳᠠᠪᠤᠷᠢ ᠶᠢᠨ ᠪᠣᠯᠪᠠᠰᠣᠷᠠᠯ᠂ ᠠᠳᠠᠯ ᠦᠢᠯᠡᠰ ᠴᠣᠭᠴᠠᠯᠠᠬᠤ ᠪᠣᠯᠪᠠᠰᠣᠷᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠪᠠ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠂ ᠬᠥᠳᠡᠯᠮᠦᠷᠢᠴᠢᠳ ᠲᠤ ᠨᠠᠷᠢᠯᠢᠭ ᠣᠨᠤᠪᠴᠢᠲᠠᠢ᠂  ᠲᠤᠰᠬᠠᠶᠢᠵᠢᠭᠰᠠᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠣᠷᠠᠯ ᠤᠨ ᠦᠢᠯᠡᠴᠢᠯᠡᠭᠡ ᠬᠠᠩᠭᠠᠵᠤ᠂ ᠡᠯᠧᠺᠲᠷᠣᠨ ᠬᠤᠳᠠᠯᠳᠤᠭ᠎ᠠ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠵᠢᠴᠢ ᠪᠠᠭᠠᠵᠢ ᠬᠡᠷᠡᠭᠰᠡᠯ ᠦᠢᠯᠡᠳᠬᠦ᠂ ᠲᠠᠯᠬ᠎ᠠ ᠬᠠᠭᠰᠠᠭᠠᠬᠤ ᠵᠡᠷᠭᠡ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ 18 ᠬᠤᠭᠤᠴᠠᠭ᠎ᠠ  ᠡᠷᠬᠢᠯᠡᠵᠦ 552 ᠬᠥᠮᠥᠨ ᠳᠤ ᠪᠣᠯᠪᠠᠰᠣᠷᠠᠯ ᠬᠥᠷᠲᠡᠭᠡᠪᠡ᠃ ᠡᠭᠦᠨ ᠤ ᠳᠠᠭᠠᠣ  ᠂ ᠸᠢᠴᠠᠲ ᠤᠨ ᠨᠡᠶᠢᠲᠡ ᠶᠢᠨ ᠳ᠋ᠤᠭᠠᠷ᠂  ᠣᠬᠠᠭᠤᠯᠭ᠎ᠠ ᠶᠢᠨ ᠬᠠᠭᠤᠳᠠᠰᠣ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠷ᠎ᠠ ᠴᠢᠳᠠᠪᠤᠷᠢ ᠶᠢᠨ ᠪᠤᠯᠪᠠᠰᠣᠷᠠᠯ ᠤᠨ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠨᠠᠩ ᠣᠯᠠᠨ ᠬᠥᠮᠥᠰ ᠲᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠣᠶᠢᠯᠠᠭᠠᠭᠤᠯᠵᠤ᠂ ᠪᠣᠯᠪᠠᠰᠣᠷᠠᠯ ᠳᠤ ᠣᠷᠣᠯᠴᠠᠭᠰᠠᠳ ᠤᠨ ᠠᠵᠢᠯ ᠰᠣᠩᠭᠤᠬᠤ ᠦᠵᠡᠯᠲᠡ ᠪᠠᠨ ᠬᠤᠪᠢᠷᠠᠭᠤᠯᠬᠤ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠠᠵᠢᠯ ᠣᠯᠭᠤᠬᠤ ᠣᠯᠠᠨ ᠵᠦᠢᠯ ᠤᠨ ᠠᠷᠭ᠎ᠠ ᠵᠠᠮ ᠢ ᠴᠢᠷᠮᠠᠶᠢᠨ ᠨᠡᠭᠡᠭᠡᠵᠦ᠂ ᠡᠯ᠎ᠡ ᠠᠵᠢᠯ ᠲᠥᠷᠥᠯ ᠤᠨ ᠬᠦᠮᠦᠰ ᠤᠨ ᠲᠣᠭᠲᠠᠭᠤᠨ ᠢᠶᠠᠷ ᠠᠵᠢᠯ ᠣᠯᠬᠤ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃ᠣᠶᠢᠷ᠎ᠠ ᠶᠢᠨ ᠵᠢᠯ ᠤᠳ ᠲᠤ᠂ ᠪᠠᠷᠠᠭᠤᠨ ᠦᠵᠦᠮᠦᠴᠢᠨ ᠬᠤᠰᠢᠭᠤ ᠦᠢᠯᠡᠰ ᠴᠣᠭᠴᠠᠯᠠᠬᠤ ᠢᠳᠡᠪᠬᠢᠵᠢᠯ ᠢ ᠥᠷᠭᠡᠨ ᠢᠶᠠᠷ ᠳᠠᠶᠢᠴᠢᠯᠠᠵᠤ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠰᠠᠳᠠ᠂ ︽ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠎ ᠲᠠᠢ ᠤᠶᠠᠯᠳᠤᠭᠤᠯᠤᠨ᠂ ᠲᠦᠷᠢᠶᠡᠰᠦᠯᠡᠬᠦ ᠪᠠᠷ ᠨᠥᠬᠦᠪᠦᠷᠢ ᠶᠢ ᠣᠷᠣᠯᠠᠭᠤᠯᠬᠤ ᠬᠡᠯᠪᠡᠷᠢ ᠪᠠᠷ ᠳᠠᠮᠵᠢᠭᠤᠯᠤᠨ ᠰᠢᠨ᠎ᠡ ᠶᠢ ᠡᠭᠦᠳᠦᠨ  ᠦᠢᠯᠡᠰ ᠴᠣᠭᠴᠠᠯᠠᠬᠤ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠰᠠᠭᠤᠷᠢᠨ ᠭᠠᠵᠠᠷ ᠨᠢ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠭᠡᠰᠢᠭᠦᠨ ᠤ ᠠᠯᠣᠰ ᠠᠴᠠ ᠡᠵᠡᠮᠳᠡᠬᠦ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠤᠰᠢᠭᠤ ᠲᠠᠰ ᠤᠨ ᠬᠠᠮᠤᠭ ᠤᠨ ᠬᠦᠴᠦᠷᠬᠡᠭ ᠨᠠᠮ ᠤᠨ ᠡᠭᠦᠷ ᠢᠶᠠᠷ ᠦᠨᠡᠯᠡᠭᠳᠡᠵᠦ᠂ ᠤᠯᠤᠰ ᠤᠨ ᠲᠠᠰ ᠤᠨ ᠣᠳᠣᠨ ᠰᠢᠨ᠎ᠡ ᠎ ᠶᠢ ᠡᠭᠦᠳᠬᠦ ᠰᠠᠭᠤᠷᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠢ ᠣᠯᠠᠨ ᠢᠶᠠᠷ ᠢᠶᠠᠨ ᠡᠭᠦᠳᠴᠦ ᠣᠯᠠᠨ ᠢᠶᠠᠷ ᠢᠶᠠᠨ ᠲᠡᠳᠬᠦᠬᠦ ᠲᠤᠯᠭᠠᠭᠤᠷᠢᠯᠠᠬᠤ ᠲᠠᠪᠴᠠᠩ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠴᠢᠨᠠᠷᠲᠠᠢ ᠦᠢᠯᠡᠰ ᠴᠣᠭᠴᠠᠯᠠᠬᠤ ᠬᠦᠷᠢᠶᠡᠯᠡᠩ ᠪᠠ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ᠂ ᠪᠥᠬᠦ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠰᠢᠯᠢᠳᠡᠭ ᠦᠢᠯᠡᠴᠢᠯᠡᠭᠡᠨ ᠤ ᠴᠣᠩᠬᠤ ᠵᠡᠷᠭᠡ ᠢᠷᠠᠭᠤ ᠠᠯᠳᠠᠷ ᠢ ᠭᠥᠷᠳᠡᠪᠡ᠃ ᠣᠳᠣᠬᠠᠨ ᠳᠤ ᠰᠠᠭᠤᠷᠢᠨ ᠭᠠᠵᠠᠷ ᠲᠤ ᠨᠡᠶᠢᠲᠡ 49 ᠡᠷᠥᠬᠡ ᠦᠢᠯᠡᠰ ᠪᠤᠰᠬᠠᠵᠤ᠂ ᠡᠭᠦᠨ ᠳᠤ ᠬᠤᠲᠠ ᠣᠷᠣᠭᠰᠠᠨ ᠮᠠᠯᠴᠢᠨ 14 ᠡᠷᠦᠬᠡ᠂ ᠳᠡᠭᠡᠳᠦ ᠰᠤᠷᠭᠠᠭᠤᠯᠢ ᠲᠡᠭᠦᠰᠦᠭᠰᠡᠳ 20 ᠡᠷᠦᠬᠡ᠂ ᠬᠤᠲᠠ ᠪᠠᠯᠭᠠᠰᠤᠨ ᠤ ᠠᠵᠢᠯᠲᠠᠨ 12 ᠡᠷᠦᠬᠡ᠂ ᠴᠡᠷᠢᠭ ᠠᠴᠠ ᠬᠠᠯᠠᠭᠳᠠᠭᠰᠠᠳ 2 ᠡᠷᠦᠬᠡ ᠂  ᠵᠡᠮᠳᠡᠭ ᠬᠦᠮᠦᠨ ᠦᠢᠯᠡᠰ ᠪᠤᠰᠬᠠᠭᠰᠠᠨ 1 ᠡᠷᠦᠬᠡ ᠪᠣᠶ᠃ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢᠨ ᠲᠥᠷᠥ ᠎ ᠶᠢᠨ ᠪᠣᠳᠣᠯᠭ᠎ᠠ ᠨᠢ ᠦᠢᠯᠡᠰ ᠴᠣᠭᠴᠠᠯᠠᠭᠴᠢ ᠶᠢᠨ ᠠᠳᠠᠯ ᠦᠢᠯᠡᠰ ᠴᠤᠭᠴᠠᠯᠠᠵᠤ ᠬᠦᠰᠡᠯ ᠮᠦᠷᠦᠭᠡᠳᠦᠯ ᠢᠶᠠᠨ ᠪᠡᠶᠡᠯᠡᠭᠦᠯᠬᠦ  ᠡᠬᠢᠯᠡᠯᠲᠡ ᠶᠢᠨ ᠱᠠᠲᠤᠨ ᠤ ᠪᠡᠯᠡ ᠮᠦᠩᠭᠦ ᠶᠢᠨ ᠬᠦᠴᠢᠷᠲᠡᠢ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠴᠢᠬᠤᠯᠠ ᠳᠡᠮᠵᠢᠯᠭᠡ ᠬᠠᠩᠭᠠᠵᠤ᠂ ᠵᠢᠯ ᠤᠨ ᠡᠬᠢᠨ ᠠᠴᠠ ᠨᠠᠰᠢ᠂ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢ ᠨᠡᠶᠢᠲᠡ 47 ᠡᠷᠦᠬᠡ ᠳᠤ 1156 ᠲᠦᠮᠡᠨ ᠲᠥᠭᠦᠷᠢᠭ ᠲᠠᠯᠪᠢᠵᠤ᠂ 800 ᠲᠦᠮᠡᠨ ᠲᠥᠭᠦᠷᠢᠭ ᠤᠨ ᠬᠠᠷᠠᠯᠲᠠ ᠡᠭᠦᠷᠭᠡ ᠠᠴᠠ ᠪᠠᠨ ᠬᠤᠯᠠ  ᠳᠠᠪᠠᠭᠤᠯᠤᠨ᠂ ᠡᠭᠦᠷᠭᠡ ᠶᠢᠨ  ᠲᠤᠭᠠᠨ ᠤ 144.5% ᠎ ᠪᠠᠷ ᠪᠡᠶᠡᠯᠡᠭᠦᠯᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号