ᠪᠦᠦ ᠯᠢᠨ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠠᠵᠢᠯ ᠢ ᠲᠣᠬᠢᠷᠠᠭᠤᠯᠪᠠ
ᠨᠡᠶᠢᠲᠡᠯᠡᠭᠰᠡᠨ ᠴᠠᠭ᠄
2024/10/25
    10 ᠰᠠᠷ᠎ᠠ ᠶᠢᠨ 23 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠦ ᠯᠢᠨ᠂ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ  ᠰᠢᠢᠳᠪᠦᠷᠢᠯᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭ᠎ᠠ ᠠᠯᠬᠤᠮ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃
    ᠪᠦᠦ ᠯᠢᠨ ᠵᠢᠭᠠᠵᠤ ᠭᠠᠷᠭᠠᠭᠰᠠᠨ ᠨᠢ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠪᠣᠯ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠠᠪᠤᠳᠠᠯ ᠪᠣᠯᠣᠨ᠎ᠠ᠃ ᠪᠦᠬᠦ ᠬᠤᠰᠢᠭᠤ ᠪᠠᠷ ᠢᠶᠠᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠠᠵᠢᠯ ᠤᠨ  ᠴᠢᠬᠤᠯᠠ ᠴᠢᠨᠠᠷ ᠢ ᠭᠦᠢᠴᠡᠳ ᠲᠠᠨᠢᠵᠤ᠂ ᠨᠢᠭᠡ ᠵᠦᠢᠯ ᠤᠨ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠬᠠᠷᠠᠯᠲᠠ᠂ ᠵᠠᠷᠴᠢᠮ᠂ ᠠᠷᠭ᠎ᠠ ᠬᠡᠮᠵᠢᠶ᠎ᠡ ᠶᠢ ᠣᠨᠣᠪᠴᠢᠲᠠᠶ ᠡᠵᠡᠮᠳᠡᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠠᠵᠢᠯ ᠤᠨ ᠪᠠᠷᠠᠭᠤᠨ ᠦᠵᠦᠮᠦᠴᠢᠨ ᠬᠤᠰᠢᠭᠤᠨ ᠳᠤ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃     ᠪᠦᠦ ᠯᠢᠨ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠳᠡᠭᠡᠳᠦ ᠱᠠᠲᠤᠨ ᠤ ᠬᠠᠮᠢᠶ᠎ᠠ ᠪᠦᠬᠦᠢ ᠱᠠᠭᠠᠷᠳᠠᠯᠭ᠎ᠠ ᠪᠠ ᠠᠵᠢᠯ ᠡᠭᠦᠷᠭᠡ ᠶᠢᠨ ᠡᠬᠡ ᠲᠠᠩᠰᠠ ᠲᠠᠢ ᠴᠢᠩᠭ᠎ᠠ ᠬᠠᠷᠢᠴᠠᠭᠤᠯᠤᠨ᠂ ᠬᠦᠷᠦᠯᠴᠡᠬᠦ ᠦᠭᠡᠢ ᠲᠠᠯ᠎ᠠ ᠶᠢ ᠪᠠᠶᠢᠴᠠᠭᠠᠨ ᠳᠤᠲᠠᠭᠳᠠᠯ ᠢᠶᠠᠨ ᠨᠥᠬᠦᠪᠦᠷᠢᠯᠡᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ  ᠴᠢᠭᠯᠡᠯᠲᠦ ᠴᠢᠨᠠᠷᠲᠠᠢ ᠪᠠᠷ ᠳ᠋ᠦᠩᠨᠡᠨ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠠᠵᠢᠯ ᠢᠶᠠᠨ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠢ᠃ ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠵᠤ᠂ ᠬᠠᠷᠢᠶ᠎ᠠ ᠣᠷᠣᠨ ᠤ ᠪᠠᠨ ᠮᠠᠯ ᠰᠦᠷᠦᠭ ᠤᠨ ᠲᠤᠭ᠎ᠠ ᠬᠡᠮᠵᠢᠶ᠎ᠡ᠂ ᠮᠠᠯ ᠤᠨ ᠭᠠᠷᠭᠠᠯᠲᠠ ᠪᠠ ᠮᠠᠯᠴᠢᠳ  ᠤᠨ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠨᠠᠷᠢᠨ ᠨᠢᠮᠪᠠᠢ ᠬᠢᠨᠠᠨ ᠬᠠᠷᠭᠤᠭᠤᠯᠬᠤ ᠶᠢᠨ ᠬᠠᠮᠲᠤ᠂ ᠢᠷᠡᠬᠦ ᠵᠢᠯ ᠤᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠤᠷᠢᠳᠴᠢᠯᠠᠨ ᠲᠥᠯᠥᠪᠯᠡᠵᠦ᠂ ᠡᠷᠲᠡ ᠲᠥᠯᠥᠪᠵᠢᠭᠦᠯᠵᠦ᠂ ᠡᠷᠲᠡ ᠡᠬᠢᠯᠡᠭᠦᠯᠬᠦ ᠶᠢ ᠪᠡᠶᠡᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠯᠴᠢᠭᠡᠷ ᠰᠡᠷᠭᠦᠭᠡᠬᠦ᠂ ᠪᠡᠯᠴᠢᠭᠡᠷᠯᠡᠭᠦᠯᠬᠦ ᠶᠢ ᠵᠣᠭᠰᠤᠭᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠡᠷᠭᠡ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠢᠴᠢ ᠬᠠᠤᠯᠢ ᠬᠡᠷᠡᠭᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠥᠷᠭᠡᠨ ᠣᠯᠠᠨ ᠮᠠᠯᠴᠢᠨ ᠲᠦᠮᠡᠨ ᠤ ᠬᠠᠤᠯᠢ ᠲᠣᠭᠲᠠᠭᠠᠯ ᠶᠣᠰᠣᠭᠠᠷ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢ  ᠬᠥᠲᠥᠯᠥᠨ ᠵᠢᠯᠣᠭᠤᠳᠴᠤ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠪᠠᠲᠤᠳᠬᠠᠬᠤ ᠬᠡᠷᠡᠭᠲᠡᠢ ᠭᠡᠵᠡᠢ᠃ ᠬᠤᠰᠢᠭᠤ ᠤᠳᠤᠷᠢᠳᠤᠯᠭ᠎ᠠ ᠶᠣᠣ ᠬᠤᠩ ᠭᠠᠩ᠂ ᠦ᠋ ᠵᠦ᠂ ᠬᠠᠢ ᠱᠠᠨ᠂ ᠦ᠋ ᠪᠦᠦ ᠫᠢᠩ᠂ ᠷᠧᠨ ᠳ᠋ᠧ ᠰᠢᠨ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号