ᠶᠣᠣ ᠬᠤᠩ ᠭᠠᠩ ᠨᠢᠭᠲᠠ ᠬᠠᠮᠵᠢᠯᠴᠠᠭᠠᠨ ᠤ ᠬᠡᠯᠪᠡᠷᠢ ᠶᠢᠨ ᠡᠮᠴᠢᠯᠡᠭᠡᠨ ᠤ ᠴᠣᠭᠴᠠ ᠶᠢᠨ ᠪᠠᠶᠢᠭᠤᠯᠤᠯᠲᠠ ᠪᠠ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/10/25
    10 ᠰᠠᠷ᠎ᠠ ᠶᠢᠨ 22 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠶᠣᠣ ᠬᠤᠩ ᠭᠠᠩ ᠵᠢᠷ ᠤᠨ ᠭᠤᠣᠯ ᠪᠠᠯᠭᠠᠰᠤᠨ ᠳᠤ ᠭᠦᠨᠵᠡᠭᠡᠶᠢᠷᠡᠨ ᠨᠢᠭᠲᠠ  ᠬᠠᠮᠵᠢᠯᠴᠠᠭᠠᠨ ᠤ ᠬᠡᠯᠪᠡᠷᠢ ᠶᠢᠨ ᠡᠮᠴᠢᠯᠡᠭᠡᠨ ᠤ ᠴᠣᠭᠴᠠ ᠶᠢᠨ ᠪᠠᠶᠢᠭᠤᠯᠤᠯᠲᠠ ᠪᠠ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯ ᠢ ᠪᠠᠶᠢᠴᠠᠭᠠᠨ ᠵᠢᠯᠣᠭᠤᠳᠪᠠ᠃     ᠶᠣᠣ ᠬᠤᠩ ᠭᠠᠩ ᠵᠢᠷ ᠤᠨ ᠭᠤᠣᠯ ᠪᠠᠯᠭᠠᠰᠤᠨ ᠤ ᠵᠢᠷᠠᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠬᠦᠷᠴᠦ᠂ ᠡᠷᠡᠭᠦᠯ ᠬᠠᠮᠠᠭᠠᠯᠠᠯ ᠤᠨ ᠬᠤᠷᠢᠶᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠡᠮ ᠡᠮᠨᠡᠯᠭᠡ ᠶᠢᠨ ᠲᠤᠬᠠᠶᠢᠯᠠᠭᠰᠠᠨ ᠠᠵᠢᠯ᠂ ᠡᠮ ᠤᠨ ᠶᠠᠪᠤᠳᠠᠯ ᠤᠨ ᠬᠠᠮᠢᠶᠠᠷᠤᠯᠲᠠ ᠵᠡᠷᠭᠡ ᠪᠠᠶᠢᠳᠠᠯ ᠢ ᠪᠠᠶᠢᠴᠠᠭᠠᠨ᠂ ᠡᠮᠨᠡᠯᠭᠡ ᠶᠢᠨ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠡᠳᠡᠨ ᠤ ᠠᠵᠢᠯ ᠤᠨ ᠪᠠᠶᠢᠳᠠᠯ ᠪᠣᠯᠣᠨ ᠡᠷᠡᠭᠦᠯ ᠬᠠᠮᠠᠭᠠᠯᠠᠯ ᠤᠨ ᠬᠤᠷᠢᠶᠠᠨ ᠤ ᠡᠵᠡᠩᠨᠡᠯᠲᠡ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠡᠮᠴᠢᠯᠡᠭᠡᠨ ᠤ ᠴᠣᠭᠴᠠ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠵᠢᠭᠠᠨ ᠵᠢᠯᠣᠭᠤᠳᠪᠠ᠃     ᠶᠣᠣ ᠬᠤᠩ ᠭᠠᠩ ᠴᠢᠬᠤᠯᠠᠴᠢᠯᠠᠭᠰᠠᠨ ᠨᠢ᠂ ᠡᠮ ᠡᠮᠨᠡᠯᠭᠡ ᠶᠢᠨ ᠦᠢᠯᠡᠴᠢᠯᠡᠭᠡ ᠪᠣᠯ ᠠᠷᠠᠳ ᠤᠨ ᠠᠮᠢᠳᠤᠷᠠᠯ  ᠳᠠᠬᠢ ᠭᠤᠣᠯᠳᠠᠯᠭ᠎ᠠ ᠲᠠᠢ ᠠᠵᠢᠯ ᠮᠥᠨ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠃ ᠡᠮᠴᠢᠯᠡᠭᠡᠨ ᠤ ᠪᠠᠶᠢᠭᠤᠯᠤᠮᠵᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠯᠠᠨ ᠲᠦᠮᠡᠨ ᠤ ᠡᠷᠡᠭᠦᠯ ᠮᠡᠨᠳᠦ ᠶᠢᠨ ᠪᠦᠬᠦ ᠲᠠᠯ᠎ᠠ ᠶᠢᠨ ᠬᠠᠮᠢᠶᠠᠷᠤᠯᠲᠠ ᠶᠢ ᠪᠡᠶᠡᠯᠡᠭᠦᠯᠵᠦ᠂ ᠠᠷᠠᠳ ᠤᠯᠠᠨ ᠤ ᠠᠮᠢ ᠨᠠᠰᠤ᠂ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠬᠡᠷᠡᠭᠲᠡᠢ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠣᠭᠲᠠᠴᠠ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯᠲᠠᠨ ᠢ ᠬᠥᠮᠥᠵᠢᠭᠦᠯᠬᠦ ᠳᠦᠷᠢᠮ ᠢ ᠪᠦᠷᠢᠨᠰᠢᠭᠦᠯᠦᠨ᠂ ᠨᠢᠭᠲᠠ  ᠬᠠᠷᠢᠯᠴᠠᠭᠠᠨ ᠤ ᠬᠡᠯᠪᠡᠷᠢ ᠶᠢᠨ ᠡᠮᠴᠢᠯᠡᠭᠡᠨ ᠤ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠡᠮᠵᠢᠨ᠂ ᠮᠠᠨ ᠤ ᠬᠤᠰᠢᠭᠤᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠡᠮᠴᠢᠯᠡᠭᠦᠯᠵᠦ᠂ ᠰᠠᠶᠢᠨ ᠦᠷ᠎ᠡ ᠠᠰᠢᠭ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠣᠯᠠᠨ ᠲᠦᠮᠡᠨ ᠳᠤ ᠨᠠᠩ ᠰᠢᠯᠢᠳᠡᠭ᠂ ᠥᠨᠳᠥᠷ ᠪᠦᠲᠦᠮᠵᠢᠲᠡᠶ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号