ᠪᠠᠷᠠᠭᠤᠨ ᠦᠵᠦᠮᠦᠴᠢᠨ ᠬᠤᠰᠢᠭᠤ᠄ ᠡᠪᠡᠰᠦ ᠪᠣᠷᠳᠤᠭ᠎ᠠ ᠨᠥᠭᠡᠴᠡᠯᠡᠵᠦ ᠮᠠᠯ ᠤᠨᠤᠭᠠᠨ ᠤ ᠮᠡᠨᠲᠦ ᠤᠨᠳᠤᠷᠤᠯᠲᠠ ᠳᠤ ᠪᠠᠳᠤᠯᠠᠭ᠎ᠠ ᠬᠠᠩᠭᠠᠵᠤ ᠪᠤᠢ
ᠨᠡᠶᠢᠲᠡᠯᠡᠭᠰᠡᠨ ᠴᠠᠭ᠄
2024/10/25
     ᠨᠠᠮᠤᠷ ᠤᠨ ᠰᠡᠭᠦᠯᠴᠢ ᠠᠴᠠ ᠨᠠᠰᠢ᠂ ᠪᠠᠷᠠᠭᠤᠨ ᠦᠵᠦᠮᠦᠴᠢᠨ  ᠬᠤᠰᠢᠭᠤ ᠤᠷᠢᠳᠴᠢᠯᠠᠨ ᠪᠠᠶᠢᠷᠢᠯᠠᠭᠤᠯᠤᠯᠲᠠ ᠬᠢᠵᠦ᠂ ᠮᠠᠯᠴᠢᠨ ᠲᠦᠮᠡᠨ ᠢ ᠢᠳᠡᠪᠬᠢᠲᠡᠢ ᠬᠥᠲᠥᠯᠥᠨ ᠵᠢᠯᠤᠭᠤᠳᠴᠤ  ᠡᠷᠲᠡ ᠬᠦᠳᠡᠯᠦᠯᠴᠡᠨ᠂ ᠡᠷᠲᠡ ᠲᠣᠬᠢᠷᠠᠭᠤᠯᠵᠤ᠂ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠮᠠᠯ ᠤᠨᠤᠭᠠᠨ ᠤ ᠡᠪᠦᠯ ᠤᠨ ︽ᠬᠦᠨᠡᠰᠦ︾ ᠶᠢ ᠭᠦᠢᠴᠡᠳ ᠪᠡᠯᠡᠳᠬᠡᠨ᠂ ᠮᠠᠯ ᠤᠨᠤᠭᠠᠨ ᠤ ᠡᠪᠦᠯ ᠬᠠᠪᠤᠷ ᠤᠨ ᠮᠡᠨᠳᠤ ᠤᠨᠳᠤᠷᠤᠯᠲᠠ ᠳᠤ ᠪᠠᠳᠤᠯᠠᠭ᠎ᠠ ᠬᠠᠩᠭᠠᠵᠤ ᠪᠤᠢ᠃       ᠵᠢᠷᠭᠠᠯ ᠪᠣᠯ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠠᠭ᠎ᠠ ᠰᠤᠮᠤᠨ ᠤ ᠪᠠᠴᠢᠪᠤᠯᠠᠭ ᠭᠠᠴᠠᠭᠠᠨ ᠤ ᠮᠠᠯᠴᠢᠨ᠂ ᠨᠤᠳᠤᠭ ᠪᠡᠯᠴᠢᠭᠡᠷ ᠤᠨ ᠲᠠᠯᠠᠪᠠᠢ ᠨᠢ 3400 ᠮᠦ ᠪᠠᠶᠢᠵᠤ  ᠂  ᠦᠨᠦ ᠨᠠᠮᠤᠷ ᠰᠦᠷᠦᠭ ᠤᠨ ᠪᠦᠲᠦᠴᠡ ᠳᠡᠭᠡᠨ ᠲᠤᠬᠢᠷᠠᠭᠤᠯᠤᠯᠲᠠ ᠬᠢᠵᠦ᠂ ᠦᠭᠡᠷ ᠢᠶᠠᠨ ᠪᠦᠬᠦᠨ ᠢ ᠬᠤᠳᠠᠯᠳᠤᠨ᠂ 300 ᠭᠠᠷᠤᠢ ᠬᠤᠨᠢ ᠤᠨᠳᠤᠷᠤᠭᠤᠯᠬᠤ ᠪᠠᠷ ᠲᠦᠯᠦᠪᠯᠡᠵᠦ ᠪᠤᠢ᠃ ᠲᠡᠷᠡ ᠥᠪᠡᠷ ᠤᠨ ᠬᠠᠳᠤᠯᠠᠩ ᠤᠨ ᠡᠪᠡᠰᠦ ᠪᠠᠨ ᠬᠠᠳᠤᠵᠤ ᠬᠤᠷᠢᠶᠠᠭᠰᠠᠨ ᠤ ᠰᠠᠭᠤᠷᠢᠨ ᠳᠤ ᠲᠠᠬᠢᠨ ᠭᠠᠴᠠᠭᠠᠨ ᠤ ᠬᠠᠮᠲᠤ ᠶᠢᠨ ᠬᠠᠳᠤᠯᠠᠩ ᠠᠴᠠ 27 ᠪᠣᠭᠤᠯᠲᠠ 500 ᠵᠢᠩ ᠤᠨ ᠡᠪᠡᠰᠦ  ᠬᠤᠪᠢᠳᠠᠨ  ᠤᠯᠤᠭᠰᠠᠨ ᠳᠠᠭᠠᠨ ᠰᠡᠳᠬᠢᠯ ᠬᠠᠩᠬᠤᠯᠣᠭᠤᠨ ᠪᠠᠶᠢᠯ᠎ᠠ᠃       ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠠᠭ᠎ᠠ ᠰᠤᠮᠤᠨ ᠤ ᠪᠠᠴᠢᠪᠤᠯᠠᠭ  ᠭᠠᠴᠠᠭᠠᠨ ᠤ ᠬᠠᠮᠲᠤ ᠶᠢᠨ ᠬᠠᠳᠤᠯᠠᠩ ᠤᠨ ᠶᠡᠷᠦᠩᠬᠡᠢ ᠲᠠᠯᠠᠪᠠᠶ ᠨᠢ 3000 ᠮᠦ ᠪᠠᠶᠢᠵᠤ᠂ ᠬᠠᠮᠲᠤ ᠶᠢᠨ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ  ᠪᠠᠳᠠᠷᠠᠭᠤᠯᠤᠨ᠂  ᠬᠠᠳᠤᠯᠠᠩ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠨ᠂ ᠡᠪᠡᠰᠦ ᠪᠡᠯᠴᠢᠭᠡᠷ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠲᠣᠭᠲᠠᠭᠤᠨ ᠪᠤᠰᠤ ᠪᠠᠶᠢᠳᠠᠯ ᠳᠤ ᠴᠢᠭᠯᠡᠭᠦᠯᠦᠨ᠂ ᠪᠢᠳᠡᠬᠦᠮᠵᠢᠯᠡᠨ ᠤᠷᠭᠤᠮᠠᠯ ᠤᠨ ᠬᠤᠴᠢᠯᠭ᠎ᠠ ᠶᠢ ᠰᠡᠷᠭᠦᠭᠡᠵᠡᠢ᠂ ᠡᠨᠡ ᠵᠢᠯ ᠬᠤᠷ᠎ᠠ ᠪᠣᠷᠣᠭᠠᠨ ᠡᠯᠪᠡᠭ᠂ ᠡᠪᠡᠰᠦ ᠪᠡᠯᠴᠢᠭᠡᠷ ᠤᠨ ᠤᠷᠭᠤᠴᠠ ᠨᠡᠯᠢᠶᠡᠳ ᠰᠠᠶᠢᠨ ᠪᠠᠶᠢᠵᠤ᠂ ᠭᠠᠴᠠᠭᠠᠨ ᠤ ᠬᠠᠮᠳᠤ ᠶᠢᠨ ᠬᠠᠳᠤᠯᠠᠩ ᠤᠨ ᠡᠪᠡᠰᠦᠨ ᠤ ᠤᠨᠠᠯᠲᠠ 200 ᠲᠣᠨ ᠳᠤ ᠬᠦᠷᠴᠡᠢ᠂ ᠡᠭᠦᠨ ᠳᠤ 500 ᠵᠢᠩ ᠤᠨ ᠬᠢ ᠨᠢ 682 ᠪᠣᠭᠤᠯᠲᠠ᠂ 300 ᠵᠢᠩ ᠤᠨ ᠬᠢ ᠨᠢ 93 ᠪᠣᠭᠤᠯᠲᠠ ᠪᠠᠶᠢᠵᠤ᠂ ᠪᠣᠭᠤᠵᠢ ᠪᠦᠷᠢ ᠶᠢ 210 ᠲᠥᠭᠦᠷᠢᠭ ᠪᠠ 120 ᠲᠥᠭᠦᠷᠢᠭ ᠤᠨ ᠦᠨ᠎ᠡ ᠪᠠᠷ ᠭᠠᠴᠠᠭᠠᠨ ᠤ ᠪᠠᠶᠢᠩᠭᠤ ᠰᠠᠭᠤᠭ᠎ᠠ 57 ᠡᠷᠦᠬᠡ ᠳᠤ ᠬᠤᠳᠠᠯᠳᠤᠨ ᠥᠭᠴᠡᠢ᠃     ᠡᠶᠢᠨᠬᠦ ᠪᠠᠴᠢᠪᠤᠯᠠᠭ ᠭᠠᠴᠠᠭ᠎ᠠ ᠬᠠᠮᠲᠤ ᠶᠢᠨ ᠬᠠᠳᠤᠯᠠᠩ ᠤᠨ ᠪᠣᠭᠤᠵᠢᠯᠠᠭᠰᠠᠨ ᠡᠪᠡᠰᠦ ᠪᠠᠨ ᠮᠠᠯᠴᠢᠳ ᠲᠤ ᠬᠢᠮᠳᠠ ᠦᠨ᠎ᠡ ᠪᠠᠷ ᠪᠣᠷᠣᠯᠠᠭᠤᠯᠬᠤ ᠬᠡᠯᠪᠡᠷᠢ ᠪᠠᠷ ᠳᠠᠮᠵᠢᠭᠤᠯᠤᠨ᠂ ᠮᠠᠯᠴᠢᠳ ᠤᠨ ᠡᠪᠡᠰᠦ ᠬᠤᠳᠠᠯᠳᠤᠨ ᠠᠪᠬᠤ ᠪᠡᠯᠡ ᠮᠥᠩᠭᠦ ᠶᠢ ᠠᠷᠪᠢᠯᠠᠵᠤ᠂ ᠵᠥᠭᠡᠭᠡᠪᠦᠷᠢᠯᠡᠬᠦ ᠵᠠᠢ ᠶᠢ ᠪᠠᠭᠠᠰᠬᠠᠨ᠂ ᠬᠥᠳᠡᠯᠮᠦᠷᠢ ᠬᠦᠴᠦᠨ ᠢ ᠴᠢᠯᠦᠭᠡᠯᠡᠭᠰᠡᠨ ᠢᠶᠠᠷ ᠪᠠᠷᠠᠬᠤ ᠦᠭᠡᠢ ᠪᠠᠰᠠ ᠮᠠᠯ ᠤᠨᠤᠭᠠᠨ ᠤ ᠤᠨᠳᠤᠷᠤᠯᠲᠠ ᠪᠠ ᠬᠠᠪᠤᠷ ᠤᠨ  ᠬᠠᠰᠢᠶᠠᠯᠭ᠎ᠠ ᠶᠢᠨ ᠬᠤᠭᠤᠴᠠᠭᠠᠨ ᠳᠤ ᠮᠠᠯ ᠤᠨᠤᠭ᠎ᠠ ᠪᠠᠨ ᠬᠠᠰᠢᠶᠠᠯᠠᠨ ᠲᠡᠵᠢᠭᠡᠬᠦ ᠳᠤ ᠬᠡᠷᠡᠭᠰᠡᠬᠦ ᠡᠪᠡᠰᠦ ᠪᠤᠷᠳᠤᠭᠠᠨ ᠤ ᠠᠰᠠᠭᠤᠳᠠᠯ ᠢ ᠰᠢᠢᠳᠪᠦᠷᠢᠯᠡᠵᠦ᠂ ᠮᠠᠯᠴᠢᠨ ᠲᠦᠮᠡᠨ ᠳᠤ ᠪᠣᠳᠠᠲᠤ ᠠᠰᠢᠭ ᠬᠦᠷᠲᠡᠭᠡᠬᠦ ᠶᠢᠨ ᠬᠠᠮᠲᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠢᠳᠡᠪᠬᠢᠲᠡᠢ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠮᠠᠯᠴᠢᠳ ᠢ ᠢᠳᠡᠪᠬᠢᠲᠡᠢ ᠪᠠᠷ ᠵᠢᠯᠣᠭᠤᠳᠤᠨ ᠨᠤᠲᠤᠭ ᠪᠡᠯᠴᠢᠭᠡᠷ ᠢ ᠵᠦᠢ ᠵᠣᠬᠢᠰᠲᠠᠢ ᠠᠰᠢᠭᠯᠠᠬᠤ᠂ ᠰᠦᠷᠦᠭ ᠤᠨ ᠪᠦᠲᠦᠴᠡ ᠳᠤ ᠲᠣᠬᠢᠷᠠᠭᠤᠯᠤᠯᠲᠠ ᠬᠢᠬᠦ ᠵᠡᠷᠭᠡ ᠣᠯᠠᠨ ᠲᠠᠯ᠎ᠠ ᠤᠨ ᠠᠷᠭ᠎ᠠ ᠬᠡᠮᠵᠢᠶ᠎ᠡ ᠶᠢ ᠵᠡᠷᠭᠡ ᠪᠠᠷ ᠭᠡᠷᠡᠭᠵᠢᠬᠦᠯᠵᠦ᠂ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠯᠠᠪᠳᠠᠭᠤᠨ ᠪᠠᠳᠤᠳᠠᠢ ᠠᠬᠢᠭᠤᠯᠤᠭᠰᠠᠨ ᠪᠠᠶᠢᠨ᠎ᠠ᠃     ᠤᠳᠤᠬᠠᠨ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠡᠪᠡᠰᠦ ᠪᠣᠷᠳᠣᠭᠠᠨ ᠤ ᠭᠠᠷᠤᠯᠲᠠ 70.25 ᠲᠦᠮᠡᠨ ᠲᠣᠨ ︵800 ᠲᠦᠮᠡᠨ ᠮᠦ ᠶᠢᠨ ᠪᠠᠶᠢᠭᠠᠯᠢᠯᠢᠭ ᠬᠠᠳᠤᠯᠠᠩ ᠤᠨ ᠭᠠᠷᠤᠯᠲᠠ 60.25 ᠲᠦᠮᠡᠨ ᠲᠣᠨ᠂ 8 ᠲᠦᠮᠡᠨ ᠮᠦ ᠶᠢᠨ ᠥᠨᠳᠥᠷ ᠤᠨᠠᠯᠲᠠ ᠲᠠᠢ ᠲᠡᠵᠢᠭᠡᠯ ᠪᠣᠷᠳᠣᠭᠠᠨ ᠤ ᠰᠠᠭᠤᠷᠢᠨ ᠭᠠᠵᠠᠷ 10 ᠲᠦᠮᠡᠨ ᠲᠣᠨ︶ ᠳᠤ ᠬᠦᠷᠴᠦ᠂ ᠡᠭᠦᠨ ᠳᠤ 2 ᠡᠪᠡᠰᠦ ᠪᠣᠷᠳᠣᠭᠠᠨ ᠤ ᠠᠵᠤ ᠦᠢᠯᠡᠰ ᠤᠨ ᠬᠦᠷᠢᠶᠡᠯᠡᠩ ᠳᠤ ᠨᠢᠭᠡᠨᠲᠡ 0.5 ᠲᠦᠮᠡᠨ ᠲᠣᠨ ᠬᠦᠬᠡ ᠡᠪᠡᠰᠦ ᠪᠠ 1 ᠲᠦᠮᠡᠨ ᠲᠣᠨ ᠨᠣᠭᠤᠭᠠᠨ ᠳᠠᠷᠤᠰᠢ ᠨᠥᠭᠡᠴᠡᠯᠡᠵᠡᠢ᠃ ᠡᠭᠦᠨ ᠤ ᠬᠠᠮᠲᠤ᠂ ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠣᠯᠣᠨ ᠡᠯ᠎ᠡ ᠰᠤᠮᠤ ᠪᠠᠯᠭᠠᠰᠤ ᠡᠪᠡᠰᠦ ᠪᠡᠯᠴᠢᠭᠡᠷ ᠢ ᠨᠥᠭᠡᠴᠡᠯᠡᠵᠦ ᠪᠠᠶᠢᠭ᠎ᠠ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠤᠬᠠᠭᠤᠯᠭ᠎ᠠ ᠪᠠᠨ ᠴᠢᠩᠭᠠᠳᠬᠠᠵᠤ᠂ ᠡᠨᠡ ᠡᠪᠦᠯ ᠢᠷᠡᠬᠦ ᠬᠠᠪᠤᠷ ᠤᠨ ᠮᠠᠯ  ᠤᠨᠤᠭᠠᠨ ᠤ ᠤᠨᠳᠤᠷᠤᠯᠲᠠ ᠵᠢᠴᠢ 2025 ᠣᠨ ᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠳᠤ ᠬᠡᠷᠡᠭᠰᠡᠬᠦ ᠡᠪᠡᠰᠦ ᠪᠣᠷᠳᠤᠭ᠎ᠠ ᠶᠢ ᠨᠥᠭᠡᠴᠡᠯᠡᠬᠦ ᠠᠵᠢᠯ ᠢ ᠭᠦᠢᠴᠡᠳ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠡᠰᠡᠷᠭᠦᠴᠡᠬᠦ ᠴᠢᠳᠠᠪᠤᠷᠢ ᠪᠠᠨ ᠤᠯᠠᠮ ᠴᠢᠨᠠᠭᠰᠢᠲᠠ ᠳᠡᠭᠡᠭᠰᠢᠯᠡᠭᠦᠯᠦᠨ᠂ ᠡᠪᠡᠰᠦ ᠪᠤᠷᠳᠤᠭᠠᠨ ᠤ ᠬᠠᠩᠭᠠᠯᠭ᠎ᠠ ᠪᠠ ᠦᠨ᠎ᠡ ᠬᠠᠩᠰᠢ ᠶᠢᠨ ᠲᠣᠭᠲᠠᠭᠤᠨ ᠪᠠᠶᠢᠬᠤ  ᠳᠤ ᠪᠠᠳᠤᠯᠠᠭ᠎ᠠ ᠬᠠᠩᠭᠠᠵᠠᠢ᠃     ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠳᠡᠳ᠋ ᠳᠠᠷᠤᠭ᠎ᠠ  ᠬᠦᠬᠡᠪᠠᠷᠰ᠄ ︽ᠮᠠᠨ ᠤ ᠬᠤᠰᠢᠭᠤᠨ ᠤ 2024 ᠣᠨ ᠳᠤ ᠡᠪᠡᠰᠦ  ᠪᠤᠷᠳᠤᠭᠠᠨ ᠤ ᠭᠠᠷᠤᠯᠲᠠ 70.25 ᠲᠦᠮᠡᠨ ᠲᠣᠨ ᠣᠷᠴᠢᠮ ᠬᠦᠷᠴᠦ᠂ ᠡᠭᠦᠨ ᠳᠤ ᠪᠠᠶᠢᠭᠠᠭᠠᠯᠢᠭ ᠬᠠᠳᠤᠯᠠᠩ ᠪᠡᠯᠴᠢᠭᠡᠷ ᠤᠨ ᠭᠠᠷᠤᠯᠲᠠ 60.25 ᠲᠦᠮᠡᠨ ᠲᠣᠨ᠂ ᠥᠨᠳᠥᠷ ᠤᠨᠠᠯᠲᠠ ᠲᠠᠢ ᠲᠡᠵᠢᠭᠡᠯ ᠪᠣᠷᠳᠣᠭᠠᠨ ᠤ ᠰᠠᠭᠤᠷᠢᠨ 10 ᠲᠦᠮᠡᠨ ᠲᠣᠨ ᠳᠤ ᠬᠦᠷᠴᠡᠢ᠃ ᠮᠠᠨ ᠤ ᠬᠤᠰᠢᠭᠤᠨ ᠤ ᠡᠪᠡᠰᠦ ᠪᠣᠷᠳᠣᠭᠠᠨ ᠤ ᠬᠡᠷᠡᠭᠴᠡᠭᠡ 65.95 ᠲᠦᠮᠡᠨ ᠲᠣᠨ᠂ ᠶᠡᠷᠦᠩᠬᠡᠶᠢᠯᠡᠪᠡᠯ᠂ ᠪᠠᠷᠠᠭᠤᠨ ᠦᠵᠦᠮᠦᠴᠢᠨ‌ᠬᠤᠰᠢᠭᠤᠨ ᠤ ᠡᠪᠡᠰᠦ ᠪᠣᠷᠳᠣᠭᠠᠨ ᠤ ᠬᠠᠩᠭᠠᠯᠭ᠎ᠠ ᠭᠦᠢᠴᠡᠳ᠂ ᠲᠤᠬᠠᠢ ᠶᠢᠨ ᠭᠠᠵᠠᠷ ᠤᠨ ᠬᠡᠷᠡᠭᠴᠡᠭᠡ ᠶᠢ ᠬᠠᠩᠭᠠᠵᠤ ᠳᠡᠶᠢᠯᠬᠦ ᠮᠥᠷᠲᠡᠭᠡᠨ ᠡᠪᠡᠰᠦ ᠪᠣᠷᠳᠣᠭᠠᠨ ᠤ ᠠᠵᠤ ᠦᠢᠯᠡᠰ ᠤᠨ ᠬᠦᠷᠢᠶᠡᠯᠡᠩ ᠤᠨ ᠡᠪᠡᠰᠦ ᠪᠤᠷᠳᠤᠭ᠎ᠠ ᠨᠥᠭᠡᠴᠡᠯᠡᠬᠦ ᠠᠵᠢᠯ ᠴᠤ ᠡᠷᠴᠢᠮᠳᠠᠢ ᠶᠠᠪᠤᠭᠳᠠᠨ᠂ ᠮᠠᠯ  ᠤᠨᠤᠭᠠᠨ ᠤ ᠮᠡᠨᠲᠦ ᠤᠳᠤᠷᠤᠯᠲᠠ ᠪᠠ ᠮᠠᠯ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号