ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢᠨ ᠰᠠᠨᠠᠯ ᠢ ᠬᠠᠷᠢᠭᠤ ᠲᠣᠰᠬᠠᠪᠠ
ᠨᠡᠶᠢᠲᠡᠯᠡᠭᠰᠡᠨ ᠴᠠᠭ᠄
2024/10/28
   10 ᠰᠠᠷ᠎ᠠ ᠶᠢᠨ 24 ︱ 25᠎ ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ  ᠬᠤᠰᠢᠭᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠰᠢᠭᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢᠨ ᠰᠠᠨᠠᠯ ᠢ ᠬᠠᠷᠢᠭᠤ ᠲᠣᠰᠬᠠᠵᠣ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ᠂ ᠭᠠᠴᠠᠭ᠎ᠠ ︵ᠨᠡᠶᠢᠭᠡᠮ ᠲᠣᠭᠤᠷᠢᠭ︶᠎ ᠶᠢᠨ ᠬᠤᠶᠠᠷ ᠨᠠᠮ ᠤᠨ ᠬᠤᠷᠢᠶᠠᠨ ᠤ ᠱᠦᠵᠢ ᠵᠢᠴᠢ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ  ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃     ᠬᠤᠷᠠᠯ ᠠᠴᠠ ᠡᠩ ᠲᠡᠷᠢᠭᠦᠨ ᠳᠤ ᠬᠤᠰᠢᠭᠤ ᠨᠠᠮ ᠤᠨ ᠬᠤᠷᠢᠶᠠᠨ ᠤ ᠱᠦᠵᠢ  ᠎ ᠶᠢᠨ ᠲᠣᠭᠤᠷᠢᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠬᠤ ᠦᠶ᠎ᠡ  ᠎ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠰ ᠡᠭᠡᠯᠵᠢ ᠶᠢᠨ ᠲᠣᠭᠤᠷᠢᠨ ᠪᠠᠶᠢᠴᠠᠭᠠᠭᠳᠠᠭᠰᠠᠨ ᠵᠢᠷ ᠤᠨ ᠭᠤᠣᠯ ᠪᠠᠯᠭᠠᠰᠤ᠂ ᠪᠠᠯᠭᠠᠷ ᠭᠤᠣᠯ ᠪᠠᠯᠭᠠᠰᠤ᠂ ᠬᠤᠭᠤᠯᠠᠲᠣ ᠶᠢᠨ ᠭᠤᠣᠯ ᠪᠠᠯᠭᠠᠰᠤ᠂ ᠪᠠᠶᠠᠨᠬᠤᠰᠢᠭᠤ ᠰᠤᠮᠤ ᠵᠡᠷᠭᠡ 4 ᠰᠤᠮᠤ ᠪᠠᠯᠭᠠᠰᠤᠨ ᠤ ᠨᠠᠮ ᠤᠨ ᠬᠤᠷᠢᠶ᠎ᠠ ᠪᠣᠯᠣᠨ 29 ᠭᠠᠴᠠᠭᠠᠨ ︵ᠨᠡᠶᠢᠭᠡᠮ ᠲᠣᠭᠤᠷᠢᠭ︶᠎ ᠳᠤ ᠲᠣᠭᠤᠷᠢᠨ ᠪᠠᠶᠢᠴᠠᠭᠠᠭᠰᠠᠨ ᠰᠠᠨᠠᠯ ᠢ ᠬᠠᠷᠢᠭᠤ ᠲᠤᠰᠬᠠᠵᠤ᠂ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠳ ᠣᠪᠣᠷ  ᠎ ᠢᠶᠠᠨ ᠢᠯᠡᠳᠬᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠤᠬᠠᠢ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ  ᠎ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠥᠭᠡᠷᠡᠴᠢᠯᠡᠯᠲᠡ ᠶᠢ ᠠᠬᠢᠭᠤᠯᠬᠤ ᠯᠤᠭ᠎ᠠ ᠤᠶᠠᠯᠳᠤᠭᠤᠯᠵᠤ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠯᠤᠭ᠎ᠠ ᠤᠶᠠᠯᠳᠤᠭᠤᠯᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠨᠠᠷᠢᠨ ᠬᠢᠨᠠᠮᠠᠭᠠᠢ ᠵᠠᠳᠠᠯᠵᠤ᠂ ᠦᠨᠳᠦᠰᠦᠨ ᠪᠦᠲᠦᠭᠡᠨ ᠪᠠᠶᠢᠭᠤᠯᠤᠯᠲᠠ᠂ ᠰᠠᠭᠤᠷᠢ ᠪᠦᠲᠦᠭᠡᠨ ᠪᠠᠶᠢᠭᠤᠯᠤᠯᠲᠠ᠂ ᠠᠯᠤᠰ ᠬᠡᠳᠤ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠳᠦᠷᠢᠮ ᠤᠨ ᠲᠣᠭᠲᠠᠴᠠ ᠶᠢ  ᠪᠥᠷᠢᠯᠳᠦᠭᠦᠯᠬᠦ ᠬᠡᠷᠡᠭᠲᠠᠢ  ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠨᠤᠭᠤᠳ ᠲᠥᠷᠥᠯ ᠬᠤᠪᠢᠶᠠᠨ ᠵᠠᠰᠠᠵᠤ᠂ ᠲᠤᠰᠬᠠᠢ ᠬᠥᠮᠥᠨ ᠢ ᠲᠣᠳᠣᠷᠬᠠᠶᠢᠯᠠᠨ᠂ ᠴᠠᠭ ᠬᠢᠵᠠᠭᠠᠷᠯᠠᠨ ᠰᠠᠶᠢᠵᠢᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠬᠠᠮᠲᠤ ᠭᠠᠴᠠᠭ᠎ᠠ ︵ᠨᠡᠶᠢᠭᠡᠮ ᠲᠣᠭᠤᠷᠢᠭ︶ ᠱᠠᠲᠤᠨ ᠤ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠬᠤᠷᠢᠶᠠᠨ ᠤ ᠱᠦᠵᠢ ︽ᠨᠢᠭᠡᠳᠦᠭᠡᠷ ᠬᠠᠷᠢᠭᠤᠴᠠᠯᠭᠠᠲᠠᠨ︾ ᠪᠣᠯᠤᠭᠰᠠᠨ ᠤ ᠬᠤᠪᠢ ᠳᠤ᠂ ᠥᠪᠡᠷ ᠤᠨ ᠪᠡᠶ᠎ᠡ ᠳᠡᠭᠡᠨ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠬᠤ ᠶᠢ ᠬᠢᠪᠡᠰᠦ ᠵᠣᠬᠢᠬᠤ ᠠᠵᠢᠯ᠂ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠪᠣᠯᠭᠠᠵᠤ᠂ ᠦᠷ᠎ᠡ ᠳ᠋ᠦᠩ ᠢ ᠨᠢ ᠠᠳᠬᠤᠬᠤ ᠮᠥᠷᠲᠡᠭᠡᠨ ᠶᠠᠪᠤᠴᠠ ᠶᠢ ᠨᠢ ᠨᠡᠩ ᠴᠤ ᠠᠳᠬᠤᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠭᠦᠨ ᠨᠠᠷ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠬᠢᠨᠠᠮᠠᠭᠠᠢ ᠭᠦᠢᠴᠡᠳᠬᠡᠵᠦ᠂ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠴᠡᠭᠴᠡᠯᠡᠨ ᠥᠭᠡᠷᠡᠴᠢᠯᠡᠬᠦ ᠠᠵᠢᠯ ᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号