ᠲᠦᠷᠦᠭᠦᠸ ᠭᠤᠷᠪᠠᠨ ᠤᠯᠠᠷᠢᠯ ᠳᠤ ᠥᠪᠥᠷ ᠮᠣᠩᠭᠤᠯ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 17875.5 ᠳ᠋ᠦᠩᠰᠢᠭᠤᠷ ᠲᠥᠭᠦᠷᠢᠭ ᠲᠤ ᠬᠦᠷᠴᠦ ᠠᠳᠠᠯᠢ ᠬᠤᠭᠤᠴᠠᠭᠠᠨ ᠤ ᠬᠢ ᠠᠴᠠ 5.8%᠎ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/10/28
     10 ᠳ᠋ᠤᠭᠠᠷ ᠰᠠᠷ᠎ᠠ ᠶᠢᠨ 21᠎ ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠭᠰᠡᠨ ᠲᠦᠷᠦᠭᠦᠸ ᠭᠤᠷᠪᠠᠨ ᠤᠯᠠᠷᠢᠯ ᠳᠠᠬᠢ ᠪᠥᠬᠦ ᠣᠷᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠄ ᠡᠨᠡ ᠵᠢᠯ ᠤᠨ ᠲᠦᠷᠦᠭᠦᠸ ᠭᠤᠷᠪᠠᠨ ᠤᠯᠠᠷᠢᠯ ᠳᠤ᠂ ᠪᠥᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 17875.5 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.8%᠎ ᠪᠠᠷ ᠨᠡᠮᠡᠭᠳᠡᠵᠡᠢ᠃ ᠠᠵᠤ ᠦᠢᠯᠡᠰ ᠢᠶᠠᠷ ᠢᠯᠭᠠᠨ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 846.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3%᠎ ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 9012.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 8017.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.4%᠎ ᠪᠠᠷ ᠨᠡᠮᠡᠭᠳᠡᠪᠡ᠃      ᠡᠨᠡ ᠵᠢᠯ ᠠᠴᠠ ᠨᠠᠭᠠᠰᠢ᠂ ᠪᠦᠬᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ᠶᠡᠷᠦᠩᠬᠡᠢ ᠱᠦᠵᠢ ᠰᠢ  ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠢᠶᠠᠨ ᠪᠣᠯᠭᠠᠵᠤ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠠᠵᠢᠯ ᠤᠨ ᠦᠨᠳᠦᠰᠦᠨ ᠵᠣᠷᠢᠭ ᠰᠠᠨᠠᠭ᠎ᠠ ᠶᠢ ᠪᠠᠷᠢᠮᠲᠠᠯᠠᠨ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠭᠴᠢ ᠬᠦᠴᠦᠨ ᠪᠣᠯᠭᠠᠵᠤ᠂ ᠬᠦᠴᠢᠷ ᠢ ᠰᠥᠷᠦᠨ ᠤᠷᠤᠭᠰᠢᠯᠠᠵᠤ᠂ ᠢᠳᠡᠪᠬᠢᠲᠡᠢ ᠠᠵᠢᠯᠯᠠᠨ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠲᠦᠷᠭᠡᠳᠬᠡᠨ ᠬᠡᠷᠡᠭᠵᠢᠭᠦᠯᠵᠦ᠂ ᠪᠦᠬᠦ ᠣᠷᠣᠨ ᠤ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠡᠶᠡᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠪᠠ᠃      ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠶᠡᠷᠦᠩᠬᠡᠢ ᠳᠤ ᠪᠠᠨ ᠲᠣᠭᠲᠠᠭᠤᠨ ᠪᠠᠶᠢᠨ᠎ᠠ᠃ ᠲᠦᠷᠦᠭᠦᠸ ᠭᠤᠷᠪᠠᠨ ᠤᠯᠠᠷᠢᠯ ᠳᠤ᠂ ᠪᠥᠬᠦ ᠣᠷᠣᠨ ᠤ ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.4%᠎ ᠪᠠᠷ ᠨᠡᠮᠡᠭᠳᠡᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠳᠠᠯ ᠨᠡᠯᠢᠶᠡᠳ ᠰᠠᠶᠢᠨ ᠪᠠᠶᠢᠵᠤ᠂ ᠨᠠᠮᠤᠷ ᠤᠨ ᠬᠤᠷᠢᠶᠠᠯᠲᠠ ᠶᠢᠨ ᠠᠵᠢᠯ ᠡᠮᠬᠢ ᠵᠢᠷᠤᠮ ᠲᠠᠢ ᠠᠬᠢᠵᠤ ᠪᠤᠢ︔ ᠭᠤᠷᠪᠠᠳᠤᠭᠠᠷ ᠤᠯᠠᠷᠢᠯ ᠤᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠮᠢᠳᠤ ᠭᠠᠭ᠋ᠠᠢ ᠶᠢᠨ ᠲᠤᠭ᠎ᠠ 634.6 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0᠎ ᠢᠶᠠᠷ ᠨᠡᠮᠡᠭᠳᠡᠪᠡ︔ ᠦᠬᠡᠷ ᠤᠨ ᠲᠤᠭ᠎ᠠ 948.4 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0%᠎ ᠢᠶᠠᠷ ᠨᠡᠮᠡᠭᠳᠡᠪᠡ︔ ᠬᠤᠨᠢ ᠢᠮᠠᠭᠠᠨ ᠤ ᠲᠤᠭ᠎ᠠ 6353.9 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.6%᠎ ᠪᠠᠷ ᠨᠡᠮᠡᠭᠳᠡᠪᠡ᠃ ᠲᠦᠷᠦᠭᠦᠸ ᠭᠤᠷᠪᠠᠨ ᠤᠯᠠᠷᠢᠯ ᠳᠤ᠂ ᠪᠥᠬᠦ ᠣᠷᠣᠨ ᠤ ᠭᠠᠭ᠋ᠠᠢ᠂ ᠦᠬᠡᠷ᠂ ᠬᠤᠨᠢ ᠢᠮᠠᠭ᠎ᠠ᠂ ᠵᠢᠭᠦᠷᠲᠡᠨ ᠤ ᠮᠢᠬᠠᠨ ᠤ ᠭᠠᠷᠤᠯᠲᠠ 199.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0%᠎ ᠢᠶᠠᠷ ᠨᠡᠮᠡᠭᠳᠡᠪᠡ᠃      ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ᠃ ᠲᠦᠷᠦᠭᠦᠸ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠎ ᠬᠢ ᠠᠴᠠ 7.2%᠎ ᠢᠶᠠᠷ ᠨᠡᠮᠡᠭᠳᠡᠪᠡ᠃ ᠭᠤᠷᠪᠠᠨ ᠶᠡᠭᠡ ᠲᠦᠷᠦᠯ ᠤᠨ ᠠᠵᠤ ᠦᠢᠯᠡᠳᠪᠦᠷᠢ ᠪᠠᠷ ᠢᠯᠭᠠᠨ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 5.2᠎ ᠢᠶᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 9.0%᠎ ᠢᠶᠠᠷ ᠨᠡᠮᠡᠭᠳᠡᠨ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 9.9%᠎ ᠪᠠᠷ ᠨᠡᠮᠡᠭᠳᠡᠵᠡᠢ᠃ ᠦᠢᠯᠡᠳᠬᠦ ᠦᠢᠯᠡᠰ ᠤᠨ ᠳᠣᠲᠣᠷ᠎ᠠ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 41.8%᠎ ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠎ ᠬᠢ ᠠᠴᠠ 31.6᠎ ᠪᠠᠷ ᠨᠡᠮᠡᠭᠳᠡᠵᠡᠢ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠣᠯ ᠪᠣᠯᠬᠤ ᠦᠢᠯᠡᠳᠬᠦᠨ ᠦᠢᠯᠡᠳᠪᠦᠷᠢᠯᠡᠭᠰᠡᠨ ᠬᠡᠮᠵᠢᠶ᠎ᠡ ᠠᠴᠠ ᠦᠵᠡᠪᠡᠯ᠂ ᠪᠦᠬᠦ ᠣᠷᠣᠨ ᠤ ᠨᠡᠭᠦᠷᠡᠰᠦᠨ ᠤ ᠭᠠᠷᠤᠯᠲᠠ 9.5 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6᠎ ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 5990.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.6᠎ ᠪᠠᠷ ᠨᠡᠮᠡᠭᠳᠡᠪᠡ︔ ᠪᠣᠯᠣᠳ ᠮᠠᠲ᠋ᠧᠷᠢᠶᠠᠯ ᠪᠣᠯᠪᠠᠰᠤᠷᠠᠭᠤᠯᠤᠭᠰᠠᠨ ᠬᠡᠮᠵᠢᠶ᠎ᠡ 2550.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5%᠎ ᠪᠠᠷ ᠨᠡᠮᠡᠭᠳᠡᠪᠡ︔ ᠬᠤᠪᠣᠷ ᠰᠢᠷᠣᠢ ᠶᠢᠨ ᠨᠢᠭᠡᠳᠪᠦᠷᠢ ᠪᠠ ᠣᠯᠠᠨ ᠲᠠᠯᠠᠰᠲᠤ ᠴᠠᠬᠢᠭᠤᠷ ᠦᠢᠯᠡᠳᠪᠦᠷᠢᠯᠡᠭᠰᠡᠨ ᠬᠡᠮᠵᠢᠶ᠎ᠡ ᠲᠣᠰ ᠲᠣᠰ 2.4 ᠳᠠᠬᠢᠨ ᠪᠠ 1.2 ᠳᠠᠬᠢᠨ ᠨᠡᠮᠡᠭᠳᠡᠪᠡ᠃ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 1105.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.9%᠎ ᠪᠠᠷ ᠨᠡᠮᠡᠭᠳᠡᠵᠡᠢ᠃      ᠦᠢᠯᠡᠴᠢᠯᠡᠭᠡᠨ ᠤ ᠦᠢᠯᠡᠰ ᠦᠷᠭᠦᠯᠵᠢᠯᠡᠨ ᠥᠷᠨᠢᠪᠡ᠃ ᠲᠦᠷᠦᠭᠦᠸ ᠭᠤᠷᠪᠠᠨ ᠤᠯᠠᠷᠢᠯ ᠳᠤ᠂ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.4%᠎ ᠪᠠᠷ ᠨᠡᠮᠡᠭᠳᠡᠪᠡ᠃ ᠡᠭᠦᠨ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.6%᠎ ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.5%᠎ ᠪᠠᠷ ᠨᠡᠮᠡᠭᠳᠡᠵᠦ᠂ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.6%᠎ ᠪᠠᠷ ᠨᠡᠮᠡᠭᠳᠡᠵᠡᠢ᠃      ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ ᠶᠢᠨ ᠳᠠᠭᠠᠤ ᠲᠦᠷᠭᠡᠳᠬᠡᠪᠡ᠃ ᠲᠦᠷᠦᠭᠦᠸ ᠭᠤᠷᠪᠠᠨ ᠤᠯᠠᠷᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠪᠠᠭᠲᠠᠬᠤ ᠦᠭᠡᠢ︶ ᠠᠳᠠᠯᠢ ᠬᠤᠭᠤᠴᠠᠭᠠᠨ ᠤ ᠬᠢ ᠠᠴᠠ 11.0᠎ ᠢᠶᠠᠷ ᠨᠡᠮᠡᠭᠳᠡᠵᠦ᠂ 1 - 8 ᠳ᠋ᠤᠭᠠᠷ ᠰᠠᠷ᠎ᠠ ᠶᠢᠨ ᠎ ᠬᠢ ᠠᠴᠠ 0.6 ᠵᠠᠭᠤᠨ ᠤ ᠴᠡᠭ ᠢᠶᠠᠷ ᠳᠡᠭᠡᠭᠰᠢᠯᠡᠵᠡᠢ᠃ ᠭᠤᠣᠯᠳᠠᠯᠭ᠎ᠠ ᠪᠣᠯᠬᠤ ᠪᠡᠯᠡ ᠣᠷᠣᠭᠤᠯᠤᠯᠲᠠ ᠪᠠᠷ ᠢᠯᠭᠠᠨ ᠬᠤᠪᠢᠶᠠᠵᠤ ᠦᠵᠡᠪᠡᠯ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.3%᠎ ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 3.2%᠎ ᠢᠶᠠᠷ ᠨᠡᠮᠡᠭᠳᠡᠵᠡᠢ᠃ ᠠᠵᠤ ᠦᠢᠯᠡᠰ ᠢᠶᠠᠷ ᠢᠯᠭᠠᠨ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 59.8%᠎ ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.3%᠎ ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.6᠎ ᠪᠠᠷ ᠨᠡᠮᠡᠭᠳᠡᠵᠡᠢ᠃ ᠬᠤᠶᠠᠳᠤᠭᠠᠷ ᠠᠵᠤ ᠦᠢᠯᠡᠰ ᠤᠨ ᠳᠣᠲᠣᠷ᠎ᠠ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.2%᠎ ᠢᠶᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠳᠤ ᠬᠤᠪᠢ ᠨᠡᠮᠡᠷᠢᠯᠡᠭᠰᠡᠨ ᠨᠣᠷᠮ᠎ᠠ ᠨᠢ 65.4%᠎ ᠳᠤ ᠬᠦᠷᠴᠡᠢ᠃      ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠲᠣᠭᠲᠠᠭᠤᠨ ᠢᠶᠠᠷ ᠳᠡᠭᠡᠭᠰᠢᠯᠡᠪᠡ᠃ ᠲᠦᠷᠦᠭᠦᠸ ᠭᠤᠷᠪᠠᠨ ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡ ᠶᠢᠨ ᠵᠦᠢᠯᠡᠰ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 3909.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4᠎ ᠪᠠᠷ ᠨᠡᠮᠡᠭᠳᠡᠨ᠂ 1 - 8 ᠳ᠋ᠤᠭᠠᠷ ᠰᠠᠷ᠎ᠠ ᠶᠢᠨ ᠬᠢ ᠠᠴᠠ 0.2 ᠵᠠᠭᠤᠨ ᠤ ᠴᠡᠭ ᠢᠶᠠᠷ ᠲᠦᠷᠭᠡᠳᠪᠡ᠃ ᠡᠵᠡᠩᠨᠡᠵᠦ ᠪᠦᠬᠦᠢ ᠨᠢᠭᠡᠴᠢ ᠶᠢᠨ ᠪᠠᠶᠢᠭ᠎ᠠ ᠭᠠᠵᠠᠷ ᠢᠶᠠᠷ ᠢᠯᠭᠠᠨ ᠬᠤᠪᠢᠶᠠᠵᠤ ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡ ᠶᠢᠨ ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 3.3᠎ ᠪᠠᠷ ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡ ᠶᠢᠨ ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ  ᠎ ᠬᠢ ᠠᠴᠠ 4.3%᠎ ᠪᠠᠷ ᠨᠡᠮᠡᠭᠳᠡᠪᠡ᠃ ᠡᠭᠦᠨ ᠤ ᠬᠠᠮᠲᠤ᠂ ᠪᠥᠬᠦ ᠣᠷᠣᠨ ᠤ ᠬᠢᠵᠠᠭᠠᠷᠯᠠᠬᠤ ᠬᠡᠪᠴᠢᠶᠡᠨ ᠠᠴᠠ ᠳᠠᠪᠠᠭᠤᠯᠤᠭᠰᠠᠨ ᠨᠢᠭᠡᠴᠢ ᠶᠢᠨ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠯᠡᠭᠡ ᠶᠢᠨ ᠵᠦᠢᠯᠡᠰ ᠤᠨ ᠲᠥᠷᠥᠯ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠥᠷᠥᠯ᠂ ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 63.5%᠂ 79.3% ᠪᠠ 89.3᠎ ᠪᠠᠷ ᠨᠡᠮᠡᠭᠳᠡᠪᠡ᠃      ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ ᠲᠦᠷᠦᠭᠦᠸ ᠭᠤᠷᠪᠠᠨ ᠤᠯᠠᠷᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 29724 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0%᠎ ᠢᠶᠠᠷ ᠬᠠᠷᠢᠴᠠᠩᠭᠤᠢ ᠨᠡᠮᠡᠭᠳᠡᠵᠡᠢ᠃ ᠪᠠᠶᠢᠩᠭᠤ ᠰᠠᠭᠤᠭ᠎ᠠ ᠭᠠᠵᠠᠷ ᠢᠶᠠᠷ ᠢᠯᠭᠠᠨ ᠬᠤᠪᠢᠶᠠᠵᠤ ᠦᠵᠡᠪᠡᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 39070 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3%᠎ ᠪᠠᠷ ᠬᠠᠷᠢᠴᠠᠩᠭᠤᠢ ᠨᠡᠮᠡᠭᠳᠡᠵᠡᠢ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 14753 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4%᠎ ᠪᠠᠷ ᠬᠠᠷᠢᠴᠠᠩᠭᠤᠢ ᠨᠡᠮᠡᠭᠳᠡᠪᠡ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号