ᠥᠪᠥᠷ ᠮᠣᠩᠭᠤᠯ ᠬᠠᠭᠤᠴᠢᠨ ᠬᠡᠷᠡᠭᠯᠡᠭᠡ ᠶᠢᠨ ᠵᠦᠢᠯᠡᠰ ᠢ ᠰᠢᠨ᠎ᠡ ᠪᠠᠷ ᠰᠣᠯᠢᠬᠤ ᠶᠢ ᠳᠡᠮᠵᠢᠬᠦ ᠤᠯᠤᠰ ᠤᠨ ᠣᠷᠳᠣ ᠬᠤᠭᠤᠴᠠᠭᠠᠲᠤ ᠣᠨᠴᠠᠭᠠᠶ ᠵᠢᠭᠡᠯᠡᠯᠭᠡ ᠪᠣᠯᠬᠤ 30 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠠᠶᠢᠮᠠᠭ ᠬᠤᠲᠠ ᠨᠤᠭᠤᠳ ᠲᠤ ᠪᠦᠬᠦᠨ ᠢ ᠪᠠᠭᠤᠯᠭᠠᠪᠠ
ᠨᠡᠶᠢᠲᠡᠯᠡᠭᠰᠡᠨ ᠴᠠᠭ᠄
2024/10/28
     ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ  ᠣᠶᠢᠷ᠎ᠠ ᠳᠤ ᠲᠥᠪ ᠤᠨ ᠡᠳ᠋ ᠤᠨ ᠵᠠᠰᠠᠭ ᠠᠴᠠ ᠥᠪᠥᠷ ᠮᠣᠩᠭᠤᠯ ᠳᠤ ᠰᠠᠯᠭᠠᠨ ᠥᠭᠭᠦᠭᠰᠡᠨ ᠬᠠᠭᠤᠴᠢᠨ ᠬᠡᠷᠡᠭᠯᠡᠭᠡ ᠶᠢᠨ ᠵᠦᠢᠯᠡᠰ ᠢ ᠰᠢᠨ᠎ᠡ ᠪᠠᠷ ᠰᠣᠯᠢᠬᠤ ᠶᠢ ᠳᠡᠮᠵᠢᠬᠦ ᠤᠯᠤᠰ ᠤᠨ ᠣᠷᠳᠣ ᠬᠤᠭᠤᠴᠠᠭᠠᠲᠤ ᠣᠨᠴᠠᠭᠠᠶ ᠵᠢᠭᠡᠯᠡᠯᠭᠡ ᠪᠣᠯᠬᠤ 30 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠠᠶᠢᠮᠠᠭ ᠬᠤᠲᠠ ᠨᠤᠭᠤᠳ ᠲᠤ ᠪᠦᠬᠦᠨ ᠢ ᠪᠠᠭᠤᠯᠭᠠᠵᠤ᠂ ᠡᠯ᠎ᠡ ᠭᠠᠵᠠᠷ ᠤᠨ ᠬᠢᠨ ᠬᠠᠮᠢᠶ᠎ᠠ ᠪᠦᠬᠦᠢ ᠠᠵᠢᠯ ᠢᠶᠠᠨ ᠴᠠᠭ ᠲᠤᠬᠠᠢ ᠳᠤ ᠨᠢ ᠡᠬᠢᠯᠡᠭᠦᠯᠬᠦ ᠶᠢ ᠪᠦᠲᠦᠮᠵᠢᠲᠡᠢ ᠪᠠᠲᠤᠯᠠᠪᠠ᠃      ᠣᠶᠢᠯᠠᠭᠠᠭᠰᠠᠨ ᠢᠶᠠᠷ ᠲᠣᠰ ᠪᠡᠯᠡ ᠮᠥᠩᠭᠦ ᠨᠢ ᠪᠥᠬᠦ ᠣᠷᠣᠨ ᠳᠠᠬᠢ ᠲᠡᠭᠡᠭᠡᠪᠦᠷᠢᠯᠡᠨ ᠡᠵᠡᠩᠨᠡᠵᠦ ᠪᠦᠬᠦᠢ ᠬᠠᠭᠤᠴᠢᠨ ᠠᠴᠢᠶᠠᠨ ᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ᠂ ᠲᠠᠷᠢᠶᠠᠯᠠᠩ ᠤᠨ ᠮᠠᠰᠢᠨ ᠢ ᠬᠡᠷᠡᠭᠯᠡᠭᠡ ᠠᠴᠠ ᠭᠠᠷᠭᠠᠵᠤ ᠰᠢᠨᠡᠳᠬᠡᠬᠦ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠵᠢᠴᠢ ᠬᠥᠳᠡᠯᠭᠡᠭᠦᠷᠲᠦ ᠮᠠᠰᠢᠨ ᠤ ᠳ᠋ᠢᠶᠠᠨ ᡂᠢ ᠶᠢ ᠰᠢᠨᠡᠳᠬᠡᠬᠦ᠂ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ᠂ ᠭᠡᠷ ᠤᠨ ᠴᠠᠬᠢᠯᠭᠠᠨ ᠬᠡᠷᠡᠭᠰᠡᠯ ᠦᠢᠯᠡᠳᠬᠦᠨ ᠢ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠶᠢ ᠭᠤᠣᠯᠳᠠᠯᠭ᠎ᠠ ᠲᠠᠢ ᠳᠡᠮᠵᠢᠵᠦ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠣᠯᠠᠨ ᠲᠦᠮᠡᠨ ᠳᠤ ᠪᠣᠳᠠᠲᠠᠢ ᠠᠰᠢᠭ ᠬᠦᠷᠲᠡᠭᠡᠨ᠎ᠡ᠃      ᠡᠨᠡ ᠵᠢᠯ ᠤᠨ 7 ᠳ᠋ᠤᠭᠠᠷ ᠰᠠᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ︽ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾᠎ ᠢ ᠳᠠᠷᠤᠮᠠᠯᠯᠠᠨ ᠶᠠᠪᠤᠭᠤᠯᠵᠤ᠂ 1500 ᠳ᠋ᠦᠩᠰᠢᠭᠤᠷ ᠲᠥᠭᠦᠷᠢᠭ ᠤᠨ‌ᠤᠯᠤᠰ ᠤᠨ ᠣᠷᠳᠣ ᠬᠤᠭᠤᠴᠠᠭᠠᠲᠤ ᠣᠨᠴᠠᠭᠠᠶ ᠵᠢᠭᠡᠯᠡᠯᠭᠡ ᠶᠢᠨ ᠪᠡᠯᠡ ᠮᠥᠩᠭᠦ ᠶᠢ ᠲᠣᠬᠢᠷᠠᠭᠤᠯᠵᠤ᠂ ᠣᠷᠣᠨ ᠨᠤᠲᠤᠭ ᠤᠨ ᠡᠵᠡᠨ ᠮᠡᠳᠡᠵᠦ ᠬᠠᠭᠤᠴᠢᠨ ᠬᠡᠷᠡᠭᠯᠡᠭᠡ ᠶᠢᠨ ᠵᠦᠢᠯᠡᠰ ᠢ ᠰᠢᠨ᠎ᠡ ᠪᠠᠷ ᠰᠣᠯᠢᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠪᠡ᠃ 9 ᠳ᠋ᠦ᠋ᠭᠡᠷ ᠰᠠᠷ᠎ᠠ ᠶᠢᠨ 6᠎ ᠤ ᠡᠳᠦᠷ ᠳᠠᠷᠤᠮᠠᠯᠯᠠᠨ ᠶᠠᠪᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯᠡᠰ ᠢ ᠰᠢᠨ᠎ᠡ ᠪᠠᠷ ᠰᠣᠯᠢᠬᠤ ᠶᠢ ᠬᠦᠴᠦᠯᠡᠨ ᠳᠡᠮᠵᠢᠬᠦ ᠠᠵᠢᠯ ᠤᠨ ᠬᠡᠷᠡᠭᠵᠢᠭᠦᠯᠬᠦ ᠲᠥᠰᠥᠯ︾᠎ ᠳᠤ᠂ ᠤᠯᠤᠰ ᠤᠨ ᠣᠷᠳᠣ ᠬᠤᠭᠤᠴᠠᠭᠠᠲᠤ ᠣᠨᠴᠠᠭᠠᠶ ᠵᠢᠭᠡᠯᠡᠯᠭᠡ ᠶᠢᠨ ᠪᠡᠯᠡ ᠮᠥᠩᠭᠦ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯᠡᠰ ᠢ ᠰᠢᠨ᠎ᠡ ᠪᠠᠷ ᠰᠣᠯᠢᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠥᠪᠥᠷ ᠮᠣᠩᠭᠤᠯ ᠳᠤ ᠲᠦᠷᠭᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠴᠠᠭ ᠲᠤᠬᠠᠢ ᠳᠤ ᠨᠢ ᠪᠦᠬᠦᠨ ᠢ ᠠᠶᠢᠮᠠᠭ ᠬᠤᠲᠠ ᠳᠤ ᠪᠠᠭᠤᠯᠭᠠᠵᠤ᠂ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠪᠠᠳᠠᠷᠠᠭᠠᠵᠤ ᠪᠠᠶᠢᠨ᠎ᠠ᠃
 
ᠢᠷᠡᠯᠲᠡ᠄ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号