ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠣᠷᠴᠢᠨ ᠲᠣᠭᠤᠷᠢᠨ ᠤ ᠠᠷᠢᠭᠤᠨ ᠴᠡᠪᠠᠷ ᠤᠨ ᠠᠵᠢᠯᠴᠢᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/28
    ᠣᠷᠴᠢᠨ ᠲᠣᠭᠤᠷᠢᠨ ᠤ ᠠᠷᠢᠭᠤᠨ ᠴᠡᠪᠠᠷ ᠤᠨ ᠠᠵᠢᠯᠴᠢᠳ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ   ᠨᠢ ᠪᠦᠬᠦ ᠬᠤᠰᠢᠭᠤᠨ ᠤ 545 ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠣᠯᠣᠨ ᠴᠡᠪᠡᠷᠯᠡᠭᠴᠢ ᠳᠤ ᠨᠠᠷᠢᠨ ᠨᠢᠮᠪᠠᠢ ᠪᠡᠯᠡᠳᠬᠡᠭᠰᠡᠨ ᠲᠣᠬᠤᠨᠢᠭᠤᠯᠤᠯ ᠤᠨ ᠪᠣᠳᠠᠰ ᠬᠦᠷᠭᠡᠵᠦ᠂ ᠲᠠᠳᠠᠨ ᠳᠤ ᠴᠢᠩ ᠰᠡᠳᠬᠢᠯ ᠤᠨ ᠬᠦᠨᠳᠦᠳᠬᠡᠯ ᠪᠠ ᠮᠡᠨᠳᠦᠴᠢᠯᠡᠯ ᠳᠡᠪᠰᠢᠭᠦᠯᠪᠡ᠃     ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠴᠠ ᠪᠦᠬᠦ ᠬᠤᠰᠢᠭᠤᠨ ᠤ ᠣᠷᠴᠢᠨ ᠲᠣᠭᠤᠷᠢᠨ ᠤ ᠠᠷᠢᠭᠤᠨ ᠴᠡᠪᠠᠷ ᠤᠨ ᠠᠵᠢᠯᠴᠢᠨ᠂ ᠴᠡᠪᠡᠷᠯᠡᠭᠴᠢ ᠳᠤ 10.9 ᠲᠦᠮᠡᠨ ᠲᠥᠭᠦᠷᠢᠭ ᠤᠨ  ᠦᠷᠳᠡᠭ ᠪᠦᠬᠦᠢ  ᠭᠤᠯᠢᠷ ᠪᠤᠳᠠᠭ᠎ᠠ᠂ ᠲᠤᠰᠣ ᠵᠢᠮᠢᠰ  ᠵᠡᠷᠭᠡ  ᠲᠣᠬᠤᠨᠢᠭᠤᠯᠬᠤ ᠪᠣᠳᠠᠰ ᠭᠦᠷᠬᠡᠵᠦ᠂ ᠥᠷᠭᠡᠨ ᠤᠯᠠᠨ ᠣᠷᠴᠢᠨ ᠲᠣᠭᠤᠷᠢᠨ ᠤ  ᠠᠷᠢᠭᠤᠨ ᠴᠡᠪᠠᠷ ᠤᠨ ᠠᠵᠢᠯᠴᠢᠳ ᠲᠤ ᠪᠠᠶᠠᠷ ᠤᠨ ᠡᠳᠦᠷ ᠤᠨ ᠮᠠᠨᠳᠣᠴᠢᠯᠠᠯ ᠬᠦᠷᠭᠡᠬᠦ ᠶᠢᠨ ᠬᠠᠮᠲᠤ ᠲᠡᠳᠡᠨ ᠤ ᠬᠤᠳᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠯᠥᠭᠡ ᠭᠠᠷᠭᠠᠭᠰᠠᠨ ᠰᠢᠷᠭᠠᠭᠤ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠦ᠂ ᠲᠡᠳᠡᠨ ᠤ ᠬᠤᠶᠢᠰᠢᠳᠠ ᠶᠢᠨ ᠠᠵᠢᠯ ᠳᠠᠭᠠᠨ ᠦᠷᠭᠦᠯᠵᠢᠯᠡᠨ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠡᠷᠦ ᠪᠤᠰᠤ ᠶᠢᠨ ᠬᠦᠴᠦᠨ ᠴᠢᠳᠠᠯ ᠢᠶᠠᠨ ᠡᠷᠬᠦᠬᠦ ᠶᠢ  ᠨᠢ ᠬᠦᠰᠡᠭᠰᠠᠨ ᠪᠠᠶᠢᠨ᠎ᠠ᠃     ᠲᠣᠰ ᠤᠳᠠᠭᠠᠨ ᠤ ᠠᠵᠢᠯᠯᠠᠭ᠎ᠠ ᠨᠢ  ᠪᠦᠬᠦ ᠬᠤᠰᠢᠭᠤᠨ ᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠠᠵᠢᠯᠴᠢᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢᠯᠠᠯ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠯᠠᠭᠤᠨ ᠳᠤᠯᠠᠭᠠᠨ ᠢ ᠮᠡᠳᠡᠷᠡᠭᠦᠯᠵᠦ᠂  ᠲᠠᠳᠠᠨ ᠤ ᠠᠵᠢᠯ ᠤᠨ ᠬᠠᠯᠠᠭᠤᠨ ᠰᠡᠳᠬᠢᠯᠭᠡ ᠶᠢ ᠤᠯᠠᠮ ᠬᠥᠭᠵᠢᠭᠡᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号