ᠪᠠᠶᠠᠨᠬᠤᠸᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠭᠤᠣᠯᠳᠠᠯᠭ᠎ᠠ ᠲᠠᠢ ᠲᠥᠷᠥᠯ ᠵᠦᠢᠯ ᠤᠨ ᠲᠣᠭᠤᠷᠢᠭ ᠤᠨ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠬᠠᠷᠭᠤᠭᠤᠯᠤᠨ  ᠪᠠᠶᠢᠴᠠᠭᠠᠬᠤ ᠠᠵᠢᠯ  ᠢ ᠦᠷᠨᠢᠬᠦᠯᠪᠡ
ᠨᠡᠶᠢᠲᠡᠯᠡᠭᠰᠡᠨ ᠴᠠᠭ᠄
2024/10/30
    ᠭᠠᠵᠠᠷ ᠬᠡᠷᠡᠭᠯᠡᠬᠦ ᠬᠠᠮᠢᠶᠠᠷᠤᠯᠲᠠ ᠶᠢ ᠦᠨᠡᠨᠬᠦ ᠵᠢᠷᠤᠮᠵᠢᠭᠤᠯᠤᠨ ᠴᠢᠩᠭᠠᠳᠬᠠᠵᠤ᠂ ᠬᠠᠷᠢᠶᠠᠲᠤ ᠣᠷᠣᠨ ᠤ ᠰᠠᠶᠢᠨ ᠰᠠᠶᠢᠬᠠᠨ ᠪᠦᠲᠦᠭᠡᠨ ᠪᠠᠶᠢᠭᠤᠯᠤᠯᠲᠠ ᠶᠢᠨ ᠡᠮᠬᠢ ᠳᠢᠭᠯᠢᠮ ᠢ ᠬᠠᠮᠠᠭᠠᠯᠠᠬᠤ ᠶᠢᠨ ᠲᠤᠰᠠᠳᠠ᠂ ᠪᠠᠶᠠᠨᠬᠤᠸᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ᠬᠢᠨᠠᠨ ᠬᠡᠮᠵᠢᠬᠦ ᠺᠣᠮᠫᠠᠨᠢ ᠎ ᠲᠠᠢ ᠬᠠᠮᠳᠤᠷᠠᠨ ᠠᠯᠳᠠᠨᠬᠢᠩᠭᠠᠨ ᠭᠠᠴᠠᠭᠠᠨ ᠤ ᠬᠠᠮᠢᠶ᠎ᠠ ᠪᠦᠬᠦᠢ ᠭᠤᠣᠯᠳᠠᠯᠭ᠎ᠠ ᠲᠠᠢ ᠲᠥᠷᠥᠯ ᠵᠦᠢᠯ ᠤᠨ ᠣᠷᠣᠨ ᠤ ᠳᠣᠲᠣᠷᠠᠬᠢ ᠲᠣᠭᠲᠠᠭᠠᠯ  ᠎ ᠠᠴᠠ ᠵᠥᠷᠢᠴᠡᠨ ᠬᠠᠤᠯᠢ ᠪᠤᠰᠤ ᠪᠠᠷ ᠪᠠᠷᠢᠯᠭ᠎ᠠ ᠪᠠᠷᠢᠭᠰᠠᠨ᠂ ᠳᠤᠷ᠎ᠠ ᠪᠠᠷ ᠢᠶᠠᠨ ᠬᠤᠳᠳᠤᠭ ᠮᠠᠯᠲᠠᠭᠰᠠᠨ ᠵᠡᠷᠭᠡ ᠦᠶᠯᠡ ᠠᠵᠢᠯᠯᠠᠭ᠎ᠠ ᠳᠤ ᠲᠤᠬᠠᠢ ᠶᠢᠨ ᠲᠠᠯᠠᠪᠤᠷ ᠤᠨ ᠬᠢᠨᠠᠨ ᠪᠠᠶᠢᠴᠠᠭᠠᠬᠤ ᠠᠵᠢᠯ ᠬᠢᠵᠦ᠂ ᠨᠡᠶᠢᠲᠡ 39 ᠡᠷᠦᠬᠡ ᠳᠤ ᠬᠤᠯᠪᠣᠭᠳᠠᠵᠠᠢ᠃
    ᠬᠤᠶᠢᠰᠢᠳᠠ ᠶᠢᠨ ᠠᠵᠢᠯ ᠤᠨ ᠳᠤᠮᠳᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ᠦᠷᠭᠦᠯᠵᠢᠯᠡᠨ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠢᠳᠡᠪᠬᠢᠲᠡᠢ ᠪᠠᠷ ᠬᠥᠳᠡᠯᠦᠯᠴᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠨ᠎ᠡ ᠨᠡᠮᠡᠭᠳᠡᠬᠦ ᠶᠢ ᠬᠢᠵᠠᠭᠠᠷᠯᠠᠨ ᠬᠠᠭᠤᠴᠢᠨ ᠢ ᠵᠠᠰᠠᠵᠤ᠂ ᠴᠢᠩᠭ᠎ᠠ ᠲᠣᠭᠤᠷᠢᠨ ᠪᠠᠶᠢᠴᠠᠭᠠᠵᠤ᠂ ᠬᠠᠷᠢᠶ᠎ᠠ ᠣᠷᠣᠨ ᠤ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠪᠥᠬᠦ ᠲᠠᠯ᠎ᠠ ᠪᠠᠷ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠣᠭᠲᠣ ᠠᠭᠤᠴᠢᠯᠠᠬᠤ ᠦᠭᠡᠢ ᠣᠪᠣᠷ ᠪᠠ ᠡᠷᠡᠰ ᠴᠢᠩᠭ᠎ᠠ ᠪᠥᠭᠡᠳ ᠬᠦᠴᠦᠨ ᠲᠡᠭᠦᠯᠳᠡᠷ ᠠᠵᠢᠯ ᠤᠨ ᠠᠷᠭ᠎ᠠ ᠬᠡᠮᠵᠢᠶ᠎ᠡ ᠪᠠᠷ᠂ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ  ᠪᠠᠷᠢᠯᠭ᠎ᠠ ᠶᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠴᠢᠨᠠᠷ ᠰᠠᠶᠢᠲᠠᠢ ᠠᠬᠢᠭᠤᠯᠵᠤ᠂ ᠡᠮᠦᠨᠡᠬᠢ ᠬᠤᠭᠤᠴᠠᠭᠠᠨ ᠤ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠬᠦ ᠶᠢ ᠦᠨᠡᠨᠬᠦ ᠪᠠᠳᠤᠯᠠᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号