ᠪᠠᠶᠠᠨᠬᠤᠸᠠ ᠨᠡᠶᠢᠭᠡᠮ ᠲᠣᠭᠤᠷᠢᠭ ᠢ ᠳᠠᠭᠠᠭᠠᠴᠢᠯᠠᠭᠰᠠᠨ ᠤᠳᠤᠷᠢᠳᠤᠯᠭ᠎ᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/10/30
   ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠦᠨᠡᠨ ᠬᠦ ᠴᠢᠩᠭᠠᠳᠬᠠᠬᠤ ᠶᠢᠨ ᠳᠦᠯᠦᠭᠡ᠂ 10 ᠰᠠᠷ᠎ᠠ ᠶᠢᠨ 25 ᠤ ᠡᠳᠦᠷ᠂ ᠪᠠᠶᠠᠨᠬᠤᠸᠠ ᠨᠡᠶᠢᠭᠡᠮ ᠲᠣᠭᠤᠷᠢᠭ ᠢ ᠳᠠᠭᠠᠭᠠᠴᠢᠯᠠᠭᠰᠠᠨ ᠤᠳᠤᠷᠢᠳᠤᠯᠭ᠎ᠠ ᠪᠠᠶᠠᠨᠬᠤᠸᠠ ᠨᠡᠶᠢᠭᠡᠮ ᠲᠣᠭᠤᠷᠢᠭ ᠲᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃ ᠨᠡᠶᠢᠭᠡᠮ ᠲᠣᠭᠤᠷᠢᠭ ᠤᠨ ︽ᠡᠭᠦᠷ ᠵᠥᠪᠯᠡᠯ︾  ᠤᠨ ᠪᠠᠭ ᠤᠨ ᠪᠦᠷᠢᠯᠳᠦᠭᠦᠨ᠂ ᠨᠠᠮ ᠤᠨ ᠭᠡᠰᠢᠭᠦᠨ ᠰᠤᠷᠤᠯᠴᠠᠯᠭ᠎ᠠ ᠳᠤ ᠣᠷᠣᠯᠴᠠᠪᠠ᠃    ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠤᠬᠠᠭᠤᠯᠬᠤ ᠭᠡᠰᠢᠭᠦᠨ ᠰᠤᠯᠤᠩᠭᠤᠸ᠎ᠠ ᠨᠥᠬᠦᠷ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠲᠣᠭᠤᠷᠢᠨ ᠳᠤ ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠭᠦᠨᠵᠡᠭᠡᠢ ᠰᠤᠷᠤᠯᠴᠠᠨ  ᠤᠶᠢᠯᠭᠠᠬᠤ  ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠶ ᠣᠶᠢᠯᠠᠭᠠᠬᠤ ᠵᠡᠷᠭᠡ ᠲᠠᠯ᠎ᠠ ᠪᠠᠷ ᠤᠯᠠᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠨᠠᠮ ᠤᠨ ᠬᠢᠴᠢᠶᠡᠯ ᠣᠷᠣᠵᠤ᠂ ᠤᠯᠠᠨ ᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠢ ᠨᠡᠩ ᠰᠢᠭᠤᠳ ᠣᠶᠢᠯᠠᠭᠠᠯᠲᠠ ᠪᠠ ᠲᠠᠨᠢᠯᠲᠠ ᠲᠠᠢ ᠪᠣᠯᠭᠠᠵᠠᠢ᠃    ᠳᠠᠷᠠᠭᠠᠴᠢ ᠶᠢᠨ ᠠᠯᠬᠤᠮ ᠳᠤ᠂ ᠪᠠᠶᠠᠨᠬᠤᠸᠠ ᠪᠠᠯᠭᠠᠰᠤ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢ ᠦᠷᠭᠦᠯᠵᠢᠯᠡᠨ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠯᠠᠨ ᠵᠦᠢᠯ ᠤᠨ ᠬᠡᠯᠪᠡᠷᠢ ᠶᠢᠨ ᠰᠤᠷᠤᠯᠴᠠᠯᠭ᠎ᠠ ᠶᠢ ᠦᠷᠭᠦᠯᠵᠢᠯᠡᠨ ᠥᠷᠨᠢᠭᠦᠯᠬᠦ ᠶᠢᠨ ᠬᠠᠮᠲᠤ ᠤᠨᠤᠯ ᠢ ᠦᠢᠯᠡᠳᠦᠯᠭᠡ ᠪᠤᠯᠭᠠᠨ ᠵᠢᠯᠤᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠠᠵᠢᠯ ᠤᠨ ᠳᠤᠮᠳᠠ ᠪᠠᠨ ᠢᠯᠡᠷᠡᠬᠦᠯᠦᠨ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号