ᠭᠠᠵᠠᠷ ᠬᠡᠷᠡᠭᠯᠡᠬᠦ ᠬᠠᠮᠢᠶᠠᠷᠤᠯᠲᠠ ᠶᠢ ᠦᠨᠡᠨᠬᠦ ᠵᠢᠷᠤᠮᠵᠢᠭᠤᠯᠤᠨ ᠴᠢᠩᠭᠠᠳᠬᠠᠵᠤ᠂ ᠬᠠᠷᠢᠶᠠᠲᠤ ᠣᠷᠣᠨ ᠤ ᠰᠠᠶᠢᠨ | ᠰᠠᠶᠢᠬᠠᠨ ᠪᠦᠲᠦᠭᠡᠨ ᠪᠠᠶᠢᠭᠤᠯᠤᠯᠲᠠ ᠶᠢᠨ ᠡᠮᠬᠢ ᠳᠢᠭᠯᠢᠮ ᠢ ᠬᠠᠮᠠᠭᠠᠯᠠᠬᠤ ᠶᠢᠨ ᠲᠤᠰᠠᠳᠠ᠂ ᠪᠠᠶᠠᠨᠬᠤᠸᠠ | ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ᠬᠢᠨᠠᠨ ᠬᠡᠮᠵᠢᠬᠦ ᠺᠣᠮᠫᠠᠨᠢ | ᠲᠠᠢ ᠬᠠᠮᠳᠤᠷᠠᠨ ᠠᠯᠳᠠᠨᠬᠢᠩᠭᠠᠨ ᠭᠠᠴᠠᠭᠠᠨ ᠤ ᠬᠠᠮᠢᠶ᠎ᠠ ᠪᠦᠬᠦᠢ ᠭᠤᠣᠯᠳᠠᠯᠭ᠎ᠠ ᠲᠠᠢ ᠲᠥᠷᠥᠯ ᠵᠦᠢᠯ ᠤᠨ ᠣᠷᠣᠨ ᠤ | ᠳᠣᠲᠣᠷᠠᠬᠢ ᠲᠣᠭᠲᠠᠭᠠᠯ ᠠᠴᠠ ᠵᠥᠷᠢᠴᠡᠨ ᠬᠠᠤᠯᠢ ᠪᠤᠰᠤ ᠪᠠᠷ ᠪᠠᠷᠢᠯᠭ᠎ᠠ ᠪᠠᠷᠢᠭᠰᠠᠨ᠂ ᠳᠤᠷ᠎ᠠ ᠪᠠᠷ ᠢᠶᠠᠨ ᠬᠤᠳᠳᠤᠭ | ᠮᠠᠯᠲᠠᠭᠰᠠᠨ ᠵᠡᠷᠭᠡ ᠦᠶᠯᠡ ᠠᠵᠢᠯᠯᠠᠭ᠎ᠠ ᠳᠤ ᠲᠤᠬᠠᠢ ᠶᠢᠨ ᠲᠠᠯᠠᠪᠤᠷ ᠤᠨ ᠬᠢᠨᠠᠨ ᠪᠠᠶᠢᠴᠠᠭᠠᠬᠤ ᠠᠵᠢᠯ ᠬᠢᠵᠦ᠂ | ᠨᠡᠶᠢᠲᠡ 39 ᠡᠷᠦᠬᠡ ᠳᠤ ᠬᠤᠯᠪᠣᠭᠳᠠᠵᠠᠢ᠃ | | | | | | ᠬᠤᠶᠢᠰᠢᠳᠠ ᠶᠢᠨ ᠠᠵᠢᠯ ᠤᠨ ᠳᠤᠮᠳᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠩᠭᠢ ᠨᠢ ᠦᠷᠭᠦᠯᠵᠢᠯᠡᠨ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠢᠳᠡᠪᠬᠢᠲᠡᠢ ᠪᠠᠷ | ᠬᠥᠳᠡᠯᠦᠯᠴᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠨ᠎ᠡ ᠨᠡᠮᠡᠭᠳᠡᠬᠦ ᠶᠢ ᠬᠢᠵᠠᠭᠠᠷᠯᠠᠨ ᠬᠠᠭᠤᠴᠢᠨ ᠢ ᠵᠠᠰᠠᠵᠤ᠂ | ᠴᠢᠩᠭ᠎ᠠ ᠲᠣᠭᠤᠷᠢᠨ ᠪᠠᠶᠢᠴᠠᠭᠠᠵᠤ᠂ ᠬᠠᠷᠢᠶ᠎ᠠ ᠣᠷᠣᠨ ᠤ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠪᠥᠬᠦ | ᠲᠠᠯ᠎ᠠ ᠪᠠᠷ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠣᠭᠲᠣ ᠠᠭᠤᠴᠢᠯᠠᠬᠤ ᠦᠭᠡᠢ | ᠣᠪᠣᠷ ᠪᠠ ᠡᠷᠡᠰ ᠴᠢᠩᠭ᠎ᠠ ᠪᠥᠭᠡᠳ ᠬᠦᠴᠦᠨ ᠲᠡᠭᠦᠯᠳᠡᠷ ᠠᠵᠢᠯ ᠤᠨ ᠠᠷᠭ᠎ᠠ ᠬᠡᠮᠵᠢᠶ᠎ᠡ ᠪᠠᠷ᠂ ᠲᠣᠭᠲᠠᠭᠠᠯ ᠠᠴᠠ | ᠵᠥᠷᠢᠴᠡᠨ ᠪᠠᠶᠢᠭᠤᠯᠤᠭᠰᠠᠨ ᠪᠠᠷᠢᠯᠭ᠎ᠠ ᠶᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠴᠢᠨᠠᠷ | ᠰᠠᠶᠢᠲᠠᠢ ᠠᠬᠢᠭᠤᠯᠵᠤ᠂ ᠡᠮᠦᠨᠡᠬᠢ ᠬᠤᠭᠤᠴᠠᠭᠠᠨ ᠤ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠬᠦ ᠶᠢ ᠦᠨᠡᠨᠬᠦ | ᠪᠠᠳᠤᠯᠠᠨ᠎ᠠ᠃ | |