ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 29 ᠤ ᠴᠠᠭᠢᠯᠭᠠᠨ ᠮᠡᠳᠡᠭᠡ ᠮᠤᠵᠢ ᠶᠠᠮᠤᠨ ᠤ ᠲᠠᠰ ᠤᠨ | ᠭᠤᠣᠯ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ | ᠠᠩᠭᠢ 29 ᠤ ᠦᠳᠡ ᠶᠢᠨ ᠡᠮᠦᠨ᠎ᠡ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠲᠤᠮᠳᠠᠳᠤ ᠤᠯᠤᠰ ᠤᠨ ᠡᠪ ᠬᠠᠮᠲᠤ ᠨᠠᠮᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠲᠠ | ᠦᠭᠡᠢ ᠭᠦᠨᠵᠡᠭᠡᠶᠢᠷᠡᠭᠦᠯᠵᠦ᠂ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ | ᠥᠭᠡᠷᠡᠴᠢᠯᠡᠯᠲᠡ ᠶᠢᠨ ᠢᠲᠡᠭᠡᠯ ᠵᠣᠷᠢᠭ ᠢ ᠨᠢ ᠪᠠᠲᠤᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ | ᠥᠭᠡᠷᠡᠴᠢᠯᠡᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | 10 ᠰᠠᠷ᠎ᠠ ᠶᠢᠨ 29 ᠤ ᠡᠳᠦᠷ᠂ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷᠴᠤᠳ ᠤᠨ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠲᠥᠪ ᠤᠨ ᠨᠠᠮ ᠤᠨ ᠰᠤᠷᠭᠠᠭᠤᠯᠢ ︵ᠤᠯᠤᠰ ᠤᠨ | ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ ᠯᠢ ᠴᠢᠶᠠᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠵᠦ᠂ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠵᠤᠤ ᠯᠧ ᠵᠢᠢ᠂ ᠸᠠᠩ ᠬᠤ᠋ | ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠰᠤᠷᠤᠯᠭ᠎ᠠ ᠡᠬᠢᠯᠡᠬᠦ | ᠶᠣᠰᠣᠯᠠᠯ ᠳᠤ ᠣᠷᠣᠯᠴᠠᠵᠠᠢ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠠᠴᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠭᠡᠷᠡᠴᠢᠯᠡᠯᠲᠡ ᠶᠢ | ᠰᠢᠰᠲ᠋ᠧᠮ ᠲᠠᠢ ᠪᠦᠬᠦᠯᠢ ᠴᠣᠭᠴᠠ ᠪᠠᠷ ᠠᠬᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠮᠠᠨ ᠤ ᠤᠯᠤᠰ ᠤᠨ ᠥᠭᠡᠷᠡᠴᠢᠯᠡᠯᠲᠡ | ᠨᠡᠭᠡᠭᠡᠯᠲᠡ ᠶᠢᠨ ᠴᠣ ᠰᠢᠨ᠎ᠡ ᠪᠠᠶᠢᠳᠠᠯ ᠢ ᠡᠭᠦᠳᠴᠦ᠂ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠣᠭᠳᠠᠯ ᠲᠠᠢ ᠶᠤᠮ᠃ ᠰᠢᠨ᠎ᠡ | ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠴᠢᠬᠤᠯᠠ ᠶᠡᠭᠡ ᠦᠢᠯᠡᠳᠦᠯᠭᠡ ᠶᠢᠨ ᠦᠷ᠎ᠡ | ᠪᠦᠲᠦᠭᠡᠯ᠂ ᠳᠦᠷᠢᠮ ᠤᠨ ᠦᠷ᠎ᠡ ᠪᠦᠲᠦᠭᠡᠯ᠂ ᠤᠨᠤᠯ ᠤᠨ ᠦᠷ᠎ᠡ ᠪᠦᠲᠦᠭᠡᠯ ᠣᠯᠪᠠ᠂ ᠡᠨᠡ ᠪᠣᠯ ᠮᠠᠨ ᠤ ᠤᠯᠤᠰ ᠤᠨ | ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠨ ᠶᠠᠪᠤᠴᠠ ᠳᠠᠬᠢ ᠬᠠᠮᠤᠭ ᠤᠨ ᠢᠷᠠᠭᠤ ᠭᠠᠶᠢᠬᠠᠮᠰᠢᠭᠲᠤ ᠬᠠᠭᠤᠳᠠᠰᠤ ᠶᠢᠨ ᠨᠢᠭᠡ | ᠪᠣᠯᠣᠨ᠎ᠠ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ᠂ ︽ᠬᠤᠶᠠᠷ ᠶᠡᠭᠡ ᠭᠠᠶᠢᠬᠠᠮᠰᠢᠭ︾ ᠢ | ᠦᠷᠭᠦᠯᠵᠢᠯᠡᠨ ᠪᠢᠴᠢᠭᠯᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠳᠦᠷᠢᠮ ᠤᠨ ᠪᠠᠲᠤᠯᠠᠭ᠎ᠠ ᠬᠠᠩᠭᠠᠭᠰᠠᠨ ᠪᠥᠭᠡᠳ | ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠪᠠᠲᠤ ᠪᠠᠬᠢ ᠰᠠᠭᠤᠷᠢ ᠪᠠ ᠡᠷᠬᠢᠮ ᠨᠠᠨᠳᠢᠨ | ᠲᠤᠷᠰᠢᠯᠭ᠎ᠠ ᠬᠠᠩᠭᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠪᠣᠯ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ ᠡᠷᠬᠡᠪᠰᠢ ᠪᠠᠲᠤ ᠡᠵᠡᠮᠳᠡᠵᠦ᠂ ᠢᠮᠠᠭᠲᠠ ᠪᠠᠷᠢᠮᠲᠠᠯᠠᠬᠤ ᠴᠢᠬᠤᠯᠠ ᠶᠡᠭᠡ ᠵᠠᠷᠴᠢᠮ ᠪᠣᠯᠣᠨ᠎ᠠ᠃ ᠮᠠᠨ ᠤ | ᠬᠢᠵᠦ ᠪᠠᠶᠢᠭ᠎ᠠ ᠥᠭᠡᠷᠡᠴᠢᠯᠡᠯᠲᠡ ᠪᠣᠯ ᠴᠢᠭᠯᠡᠯ ᠲᠠᠢ᠂ ᠵᠠᠷᠴᠢᠮ ᠲᠠᠢ ᠶᠤᠮ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠬᠤ᠂ ᠮᠠᠷᠺᠰ ᠤᠨ ᠦᠵᠡᠯ ᠢ ᠪᠠᠷᠢᠮᠲᠠᠯᠠᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ | ᠪᠠᠷᠢᠮᠲᠠᠯᠠᠬᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ ᠪᠠᠷᠢᠮᠲᠠᠯᠠᠬᠤ ᠳᠤ᠂ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠵᠣᠷᠢᠯᠲᠠ ᠪᠠ ᠲᠤᠰᠤᠯᠲᠠ | ᠪᠤᠯᠭᠠᠬᠤ ᠬᠡᠷᠡᠭᠲᠡᠢ᠂ ᠡᠳᠡᠭᠡᠷ ᠪᠣᠯ ᠴᠥᠮ ᠦᠨᠳᠦᠰᠦᠨ ᠵᠦᠢᠯ ᠳᠤ ᠬᠤᠯᠪᠣᠭᠳᠠᠬᠤ᠂ ᠴᠢᠭᠯᠡᠯ ᠳᠤ ᠬᠤᠯᠪᠣᠭᠳᠠᠬᠤ᠂ ᠠᠯᠤᠰ | ᠢᠷᠡᠭᠡᠳᠦᠢ ᠳᠤ ᠬᠤᠯᠪᠣᠭᠳᠠᠬᠤ ᠵᠦᠢᠯ ᠮᠥᠨ᠂ ᠨᠠᠮ ᠤᠨ ᠰᠢᠨᠵᠢ ᠴᠢᠨᠠᠷ ᠪᠠ ᠵᠣᠷᠢᠯᠲᠠ ᠶᠢ ᠢᠯᠡᠷᠡᠭᠦᠯᠬᠦ ᠨᠢ ᠮᠠᠨ ᠤ | ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠵᠦ᠂ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠵᠦ | ᠪᠠᠶᠢᠳᠠᠭ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠥᠮ ᠥᠴᠥᠬᠡᠨ ᠴᠦ ᠭᠤᠶᠢᠪᠢᠯᠵᠠᠵᠤ ᠪᠤᠯᠬᠤ ᠦᠭᠡᠢ᠃ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ | ᠬᠥᠭᠵᠢᠭᠦᠯᠬᠦ᠂ ᠲᠦᠷᠦ ᠶᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ | ᠥᠭᠡᠷᠡᠴᠢᠯᠡᠯᠲᠡ ᠶᠢᠨ ᠶᠡᠷᠦᠩᠬᠡᠢ ᠬᠠᠷᠠᠯᠲᠠ ᠶᠢ ᠪᠠᠷᠢᠮᠲᠠᠯᠠᠵᠤ᠂ ᠶᠡᠷᠦᠩᠬᠡᠢ ᠬᠠᠷᠠᠯᠲᠠ ᠶᠢᠨ ᠵᠢᠭᠠᠭᠰᠠᠨ ᠴᠢᠭᠯᠡᠯ ᠢᠶᠠᠷ ᠢᠮᠠᠭᠲᠠ | ᠤᠷᠤᠭᠰᠢᠯᠠᠵᠤ᠂ ᠥᠭᠡᠷᠡᠴᠢᠯᠡᠬᠦ ᠶᠣᠰᠣᠲᠠᠢ ᠶᠢ ᠨᠢ ᠡᠷᠡᠰ ᠥᠭᠡᠷᠡᠴᠢᠯᠡᠵᠦ᠂ ᠥᠭᠡᠷᠡᠴᠢᠯᠡᠪᠡᠯ ᠵᠣᠬᠢᠰ ᠦᠭᠡᠢ ᠶᠢ ᠨᠢ | ᠥᠭᠡᠷᠡᠴᠢᠯᠡᠬᠦ ᠦᠭᠡᠢ ᠪᠠᠶᠢᠬᠤ ᠬᠡᠷᠡᠭᠲᠡᠢ᠃ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠠᠨᠳᠤᠰᠢ᠂ ᠦᠢᠯᠡᠳᠦᠯᠭᠡ ᠶᠢᠨ | ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠵᠣᠬᠢᠴᠠᠭᠤᠯᠤᠨ᠂ ᠠᠵᠤ | ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠭᠡᠬᠦ ᠡᠨᠡ ᠬᠦ ᠭᠤᠣᠯᠳᠠᠯᠭ᠎ᠠ ᠶᠢ ᠲᠤᠪᠤᠶᠢᠯᠭᠠᠵᠤ᠂ ᠡᠯ᠎ᠡ ᠲᠠᠯ᠎ᠠ ᠶᠢᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠵᠣᠬᠢᠴᠠᠭᠤᠯᠤᠨ ᠠᠬᠢᠭᠤᠯᠵᠤ᠂ ᠤᠨᠤᠯ ᠤᠨ ᠰᠢᠨ᠎ᠡ ᠶᠢ ᠡᠭᠦᠳᠬᠦ᠂ ᠦᠢᠯᠡᠳᠦᠯᠭᠡ ᠶᠢᠨ | ᠰᠢᠨ᠎ᠡ ᠶᠢ ᠡᠭᠦᠳᠬᠦ᠂ ᠪᠠᠶᠢᠭᠤᠯᠤᠯ ᠤᠨ ᠰᠢᠨ᠎ᠡ ᠶᠢ ᠡᠭᠦᠳᠬᠦ᠂ ᠰᠣᠶᠣᠯ ᠤᠨ ᠰᠢᠨ᠎ᠡ ᠶᠢ ᠡᠭᠦᠳᠬᠦ ᠵᠢᠴᠢ ᠪᠤᠰᠤᠳ ᠡᠯ᠎ᠡ | ᠲᠠᠯ᠎ᠠ ᠶᠢᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ | ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠪᠠᠶᠢᠭᠤᠯᠤᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠰᠢᠨᠵᠢᠯᠡᠬᠦ ᠤᠬᠠᠭᠠᠨᠴᠢ | ᠠᠷᠭ᠎ᠠ ᠶᠢ ᠡᠷᠬᠢᠮᠯᠡᠵᠦ᠂ ᠡᠯ᠎ᠡ ᠲᠠᠯ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠥᠭᠡᠷᠡᠴᠢᠯᠡᠯᠲᠡ ᠪᠠ | ᠬᠠᠤᠯᠢ ᠪᠠᠷ ᠵᠠᠰᠠᠬᠤ ᠶᠢ ᠨᠢᠭᠡᠳᠬᠡᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠬᠦᠴᠦᠨ ᠢᠶᠠᠷ ᠬᠠᠤᠯᠢ ᠪᠠᠷ ᠵᠠᠰᠠᠬᠤ ᠶᠢ | ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠲᠠᠰᠤᠷᠠᠯᠳᠠ ᠦᠭᠡᠢ | ᠲᠡᠭᠦᠯᠳᠡᠷᠵᠢᠭᠦᠯᠬᠦ ᠬᠡᠷᠡᠭᠲᠡᠢ︔ ᠥᠭᠡᠷᠡᠴᠢᠯᠡᠯᠲᠡ ᠶᠢᠨ ᠬᠠᠷᠰᠢ ᠰᠠᠭᠠᠳ ᠢ ᠠᠷᠢᠯᠭᠠᠬᠤ᠂ ᠥᠭᠡᠷᠡᠴᠢᠯᠡᠯᠲᠡ ᠶᠢᠨ ᠦᠷ᠎ᠡ | ᠪᠦᠲᠦᠭᠡᠯ ᠢ ᠪᠠᠬᠢᠵᠢᠭᠦᠯᠬᠦ ᠳᠤᠮᠳᠠᠬᠢ ᠬᠠᠤᠯᠢ ᠪᠠᠷ ᠵᠠᠰᠠᠬᠤ ᠶᠢᠨ ᠢᠳᠡᠪᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ | ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠴᠢᠳᠠᠮᠠᠭᠠᠢ ᠬᠡᠷᠡᠭᠯᠡᠨ ᠥᠭᠡᠷᠡᠴᠢᠯᠡᠯᠲᠡ ᠶᠢ | ᠠᠬᠢᠭᠤᠯᠵᠤ᠂ ᠴᠢᠬᠤᠯᠠ ᠶᠡᠭᠡ ᠥᠭᠡᠷᠡᠴᠢᠯᠡᠯᠲᠡ ᠳᠤ ᠬᠠᠤᠯᠢ ᠶᠢᠨ ᠦᠨᠳᠦᠰᠦᠯᠡᠯ ᠲᠠᠢ ᠪᠠᠶᠢᠬᠤ ᠶᠢ ᠪᠡᠶᠡᠯᠡᠭᠦᠯᠵᠦ᠂ ᠪᠦᠭᠦ | ᠠᠷᠠᠳ ᠢᠷᠭᠡᠨ ᠪᠠ ᠬᠠᠤᠯᠢ ᠶᠢᠨ ᠡᠷᠬᠡᠲᠡᠨ ᠤ ᠬᠠᠤᠯᠢ ᠶᠣᠰᠣᠨ ᠤ ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠬᠤ ᠬᠡᠷᠡᠭᠲᠡᠢ᠃ | ᠡᠪᠳᠡᠬᠦ ᠪᠠ ᠪᠠᠶᠢᠭᠤᠯᠬᠤ ᠶᠢᠨ ᠬᠤᠪᠢᠰᠤᠩᠭᠤᠢ ᠨᠢᠭᠡᠳᠦᠯ ᠢ ᠪᠠᠷᠢᠮᠲᠠᠯᠠᠵᠤ᠂ ᠡᠪᠳᠡᠬᠦ ᠪᠠ ᠪᠠᠶᠢᠭᠤᠯᠬᠤ ᠶᠢ ᠵᠡᠷᠭᠡ ᠪᠠᠷ | ᠠᠳᠬᠤᠵᠤ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠵᠦ᠂ ᠪᠠᠶᠢᠭᠤᠯᠬᠤ ᠶᠣᠰᠣᠲᠠᠢ ᠶᠢ ᠨᠢ | ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ ᠡᠪᠳᠡᠬᠦ ᠶᠣᠰᠣᠲᠠᠢ ᠶᠢ ᠨᠢ ᠪᠠᠶᠢᠭᠤᠯᠤᠭᠰᠠᠨ ᠰᠠᠭᠤᠷᠢᠨ ᠳᠡᠭᠡᠷ᠎ᠡ ᠴᠠᠭ | ᠲᠤᠬᠠᠢ ᠳᠤᠨᠢ ᠡᠪᠳᠡᠵᠦ᠂ ᠡᠪᠳᠡᠬᠦ ᠪᠠ ᠪᠠᠶᠢᠭᠤᠯᠬᠤ ᠶᠢ ᠨᠢᠭᠡᠳᠬᠡᠬᠦ ᠳᠤᠮᠳᠠ ᠥᠭᠡᠷᠡᠴᠢᠯᠡᠯᠲᠡ ᠶᠢ ᠲᠦᠷᠭᠡᠨ ᠪᠥᠭᠡᠳ | ᠯᠠᠪᠳᠠᠭᠤᠨ ᠢᠶᠠᠷ ᠪᠡᠶᠡᠯᠡᠭᠦᠯᠬᠦ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠳᠦᠷᠢᠮ ᠤᠨ | ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ | ᠠᠷᠠᠯᠵᠢᠶᠠᠨ ᠤ ᠳᠦᠷᠢᠮ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠭᠠᠳᠠᠭᠠᠳᠤ ᠠᠷᠠᠯᠵᠢᠶ᠎ᠠ᠂ ᠭᠠᠳᠠᠭᠠᠳᠤ ᠶᠢᠨ | ᠠᠷᠠᠯᠵᠢᠶᠠᠴᠢᠨ ᠤ ᠪᠡᠯᠡ ᠣᠷᠣᠭᠤᠯᠬᠤ ᠪᠣᠯᠣᠨ ᠭᠠᠳᠠᠭᠠᠳᠤ ᠳᠤ ᠪᠡᠯᠡ ᠣᠷᠣᠭᠤᠯᠬᠤ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ | ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ᠃ ᠪᠠᠶᠢᠷᠢᠯᠠᠭᠤᠯᠤᠯᠲᠠ ᠪᠠ | ᠨᠠᠶᠢᠳᠠᠪᠤᠷᠢᠵᠢᠭᠤᠯᠤᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠥᠭᠡᠷᠡᠴᠢᠯᠡᠯᠲᠡ ᠶᠢᠨ ᠲᠥᠰᠥᠯ ᠢ ᠵᠢᠷᠤᠵᠤ | ᠲᠥᠯᠥᠪᠯᠡᠬᠦ ᠳᠤ ᠡᠷᠬᠡᠪᠰᠢ ᠪᠤᠰᠤᠳᠴᠢ ᠵᠢᠮ᠎ᠡ ᠶᠣᠰᠣ ᠶᠢ ᠡᠵᠡᠮᠳᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠵᠣᠬᠢᠴᠠᠭᠤᠯᠤᠨ ᠢᠵᠢ ᠪᠦᠷᠢᠳᠦᠭᠦᠯᠬᠦ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢᠨ ᠬᠠᠨᠳᠤᠰᠢ ᠶᠢᠨ ᠨᠢᠭᠡᠳᠦᠯᠲᠦ | ᠴᠢᠨᠠᠷ ᠢ ᠴᠢᠩᠭᠠᠳᠬᠠᠵᠤ᠂ ᠬᠠᠷᠢᠭᠤᠴᠠᠯᠭ᠎ᠠ ᠲᠣᠳᠣᠷᠬᠠᠢ᠂ ᠬᠡᠯᠬᠢᠶ᠎ᠡ ᠪᠦᠷᠢᠨ᠂ ᠭᠤᠭᠴᠤᠭ᠎ᠠ ᠪᠦᠷᠢ ᠨᠢ ᠬᠠᠷᠢᠯᠴᠠᠨ | ᠬᠤᠯᠪᠣᠯᠳᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ | ᠨᠡᠬᠡᠮᠵᠢᠯᠡᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠨᠠᠷᠢᠯᠢᠭ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠲᠡᠰ ᠤᠨ ᠺᠠᠳ᠋ᠷ ᠥᠭᠡᠷᠡᠴᠢᠯᠡᠯᠲᠡ ᠶᠢ ᠠᠬᠢᠭᠤᠯᠬᠤ | ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ | ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭᠤ᠂ ᠬᠦᠴᠢᠷ ᠢ | ᠰᠥᠷᠦᠨ ᠤᠷᠤᠭᠰᠢᠯᠠᠬᠤ ᠤᠯᠤᠰ ᠲᠦᠷᠦ ᠶᠢᠨ ᠰᠥᠰᠥ ᠵᠣᠷᠢᠭ ᠢᠶᠠᠷ ᠵᠥᠷᠢᠴᠡᠯ ᠪᠠ ᠠᠰᠠᠭᠤᠳᠠᠯ ᠳᠤ ᠰᠢᠭᠤᠳ ᠬᠠᠨᠳᠤᠵᠤ᠂ | ᠠᠷᠬᠠᠭ ᠭᠡᠮ ᠢ ᠠᠷᠢᠯᠭᠠᠵᠤ᠂ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠳᠠᠭᠠᠨ ᠬᠤᠶᠢᠰᠢ ᠤᠬᠤᠷᠢᠬᠤ ᠦᠭᠡᠢ | ᠪᠠᠶᠢᠵᠤ᠂ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠣᠷᠣᠨ ᠵᠠᠢ ᠶᠢ ᠴᠢᠷᠮᠠᠶᠢᠨ ᠨᠡᠭᠡᠭᠡᠬᠦ ᠬᠡᠷᠡᠭᠲᠡᠢ᠃ ᠰᠢᠨᠵᠢᠯᠡᠬᠦ ᠤᠬᠠᠭᠠᠨᠴᠢ | ᠠᠷᠭ᠎ᠠ ᠪᠠᠷ ᠥᠭᠡᠷᠡᠴᠢᠯᠡᠯᠲᠡ ᠶᠢ ᠠᠬᠢᠭᠤᠯᠬᠤ ᠳᠠᠭᠠᠨ ᠴᠢᠳᠠᠮᠠᠭᠠᠢ ᠪᠠᠶᠢᠵᠤ᠂ ᠰᠢᠰᠲ᠋ᠧᠮ ᠲᠠᠢ ᠪᠠᠶᠢᠷᠢᠯᠠᠭᠤᠯᠵᠤ᠂ ᠤᠬᠠᠭᠠᠯᠠᠨ | ᠲᠥᠯᠥᠪᠯᠡᠵᠦ ᠲᠣᠭᠲᠠᠭᠰᠠᠨ ᠤ ᠲᠠᠷᠠᠭ᠎ᠠ ᠬᠥᠳᠡᠯᠦᠯᠴᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠠᠯᠢᠪᠠ ᠢᠳᠡᠪᠬᠢ ᠬᠦᠴᠦᠨ ᠵᠦᠢᠯ ᠢ | ᠭᠦᠢᠴᠡᠳ ᠳᠠᠶᠢᠴᠢᠯᠠᠬᠤ ᠨᠢ ᠥᠭᠡᠷᠡᠴᠢᠯᠡᠯᠲᠡ ᠶᠢ ᠤᠷᠤᠭᠰᠢᠲᠠᠢ ᠠᠬᠢᠭᠤᠯᠬᠤ ᠳᠤ ᠲᠤᠶᠢᠯ ᠤᠨ ᠴᠢᠬᠤᠯᠠ ᠶᠤᠮ᠃ | ᠥᠭᠡᠷᠡᠴᠢᠯᠡᠯᠲᠡ ᠶᠢᠨ ᠶᠠᠷᠢᠶ᠎ᠠ ᠬᠡᠯᠡᠯᠴᠡᠭᠡᠨ ᠤ ᠬᠥᠲᠥᠯᠥᠨ ᠳᠠᠭᠠᠭᠤᠯᠬᠤ ᠠᠵᠢᠯ ᠢ ᠦᠨᠡᠨ ᠬᠦ ᠰᠠᠶᠢᠲᠤᠷ ᠬᠢᠵᠦ᠂ ᠵᠥᠪ | ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠭᠤᠣᠯ ᠭᠦᠭ ᠠᠶᠠᠰ ᠢ ᠴᠢᠪᠬᠠᠳᠠᠵᠤ᠂ ᠢᠳᠡᠪᠬᠢ ᠬᠦᠴᠦᠨ ᠢ ᠳᠠᠮᠵᠢᠭᠤᠯᠬᠤ | ᠬᠡᠷᠡᠭᠲᠡᠢ᠃ ᠪᠦᠭᠦᠳᠡ ᠬᠤᠷᠠᠯ ᠤᠨ ︽ᠲᠣᠭᠲᠠᠭᠠᠯ︾ ᠳᠤ ᠳᠤᠷᠠᠳᠤᠭᠰᠠᠨ ᠵᠠᠷᠢᠮ ᠴᠢᠬᠤᠯᠠ ᠶᠡᠭᠡ ᠤᠨᠤᠯ ᠤᠨ ᠦᠵᠡᠯᠲᠡ ᠶᠢ | ᠰᠤᠳᠤᠯᠬᠤ ᠪᠠ ᠲᠣᠳᠣᠷᠬᠠᠶᠢᠯᠠᠨ ᠲᠠᠶᠢᠯᠪᠤᠷᠢᠯᠠᠬᠤ ᠠᠵᠢᠯ ᠢ ᠴᠢᠩᠭᠠᠳᠬᠠᠵᠤ᠂ ᠢᠯᠠᠩᠭᠤᠶ᠎ᠠ ᠦᠨᠳᠦᠰᠦᠨ ᠱᠠᠲᠤ ᠪᠠ ᠤᠯᠠᠨ | ᠲᠦᠮᠡᠨ ᠳᠤ ᠬᠠᠨᠳᠤᠭᠤᠯᠤᠭᠰᠠᠨ ᠤᠬᠠᠭᠤᠯᠭ᠎ᠠ᠂ ᠲᠠᠶᠢᠯᠤᠮᠵᠢ ᠶᠢ ᠴᠢᠩᠭᠠᠳᠬᠠᠵᠤ᠂ ᠴᠠᠭ ᠲᠤᠬᠠᠢ ᠳᠤᠨᠢ ᠮᠠᠳᠠᠭ ᠡᠭᠡᠳᠡᠷᠡᠭᠡᠨ ᠢ | ᠲᠠᠶᠢᠯᠤᠨ ᠲᠥᠭᠡᠷᠢᠭᠳᠡᠯ ᠢ ᠠᠷᠢᠯᠭᠠᠵᠤ᠂ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ | ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠪᠦᠭᠦ ᠨᠠᠮ ᠪᠦᠭᠦ ᠨᠡᠶᠢᠭᠡᠮ ᠢᠶᠠᠷ ᠢᠶᠠᠨ ᠥᠭᠡᠷᠡᠴᠢᠯᠡᠯᠲᠡ ᠶᠢ | ᠬᠠᠮᠲᠤ ᠪᠠᠷ ᠠᠳᠬᠤᠬᠤ ᠦᠵᠡᠯ ᠰᠠᠨᠠᠭᠠᠨ ᠤ ᠰᠠᠭᠤᠷᠢ᠂ ᠤᠯᠠᠨ ᠲᠦᠮᠡᠨᠴᠢ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠺᠠᠳ᠋ᠷ᠂ | ᠣᠯᠠᠨ ᠲᠦᠮᠡᠨ ᠤ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠬᠤ ᠶᠢ ᠬᠥᠲᠥᠯᠥᠨ ᠵᠢᠯᠤᠭᠤᠳᠴᠤ᠂ ᠥᠭᠡᠷᠡᠴᠢᠯᠡᠯᠲᠡ ᠶᠢᠨ | ᠳᠤᠮᠳᠠᠬᠢ ᠠᠰᠢᠭ ᠲᠤᠰᠠ ᠶᠢᠨ ᠬᠠᠷᠢᠴᠠᠭ᠎ᠠ ᠶᠢ ᠲᠣᠬᠢᠷᠠᠭᠤᠯᠬᠤ ᠪᠠ ᠬᠤᠪᠢ ᠬᠥᠮᠥᠨ ᠤ ᠠᠰᠢᠭ ᠬᠤᠣᠷ ᠣᠯᠵᠤ | ᠠᠯᠳᠠᠬᠤ ᠳᠤ ᠵᠥᠪ ᠢᠶᠠᠷ ᠬᠠᠨᠳᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ | ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠠᠴᠠ ᠲᠣᠭᠲᠠᠭᠠᠭᠰᠠᠨ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ ᠶᠢ | ᠨᠠᠷᠢᠨ ᠬᠢᠨᠠᠮᠠᠭᠠᠢ ᠲᠤᠭᠤᠰᠢᠯᠠᠭᠤᠯᠵᠤ᠂ ᠡᠯ᠎ᠡ ᠵᠦᠢᠯ ᠤᠨ ᠨᠥᠭᠡᠴᠡ ᠲᠦᠷᠦ ᠶᠢᠨ ᠪᠣᠳᠣᠯᠭ᠎ᠠ ᠪᠣᠯᠣᠨ ᠨᠡᠮᠡᠭᠳᠡᠯ ᠲᠦᠷᠦ ᠶᠢᠨ | ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠰᠡᠭᠦᠯᠴᠢ ᠶᠢᠨ | ᠬᠤᠶᠠᠷ ᠰᠠᠷ᠎ᠠ ᠶᠢᠨ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠪᠦᠭᠦ ᠵᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠯᠢ ᠴᠢᠶᠠᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠭᠤᠣᠯ ᠰᠠᠨᠠᠭ᠎ᠠ ᠨᠢ ᠠᠯᠤᠰ ᠭᠡᠳᠤ ᠶᠢᠨ᠂ ᠦᠵᠡᠯ ᠰᠠᠨᠠᠭ᠎ᠠ ᠨᠢ ᠭᠦᠨ᠂ ᠨᠡᠪᠳᠡᠷᠡᠳᠡᠯ᠎ᠡ ᠥᠭᠦᠯᠡᠵᠦ᠂ ᠠᠭᠤᠯᠬᠤᠨ ᠨᠢ | ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠣᠨᠣᠯᠴᠢ ᠴᠢᠨᠠᠷ᠂ ᠬᠠᠨᠳᠤᠯᠭᠠᠲᠤ ᠴᠢᠨᠠᠷ᠂ ᠵᠢᠯᠤᠭᠤᠳᠬᠤ | ᠴᠢᠨᠠᠷ ᠲᠠᠢ᠂ ᠪᠦᠭᠦ ᠨᠠᠮ ᠢᠯᠠᠩᠭᠤᠶ᠎ᠠ ᠳᠡᠭᠡᠳᠦ ᠲᠡᠰ ᠤᠨ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠣᠨᠣᠪᠴᠢᠲᠠᠢ ᠣᠶᠢᠯᠠᠭᠠᠬᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠢᠯᠤᠭᠤᠳᠬᠤ ᠦᠵᠡᠯ ᠰᠠᠨᠠᠭ᠎ᠠ᠂ | ᠶᠡᠷᠦᠩᠬᠡᠢ ᠬᠠᠷᠠᠯᠲᠠ᠂ ᠴᠢᠬᠤᠯᠠ ᠶᠡᠭᠡ ᠵᠠᠷᠴᠢᠮ᠂ ᠰᠢᠨᠵᠢᠯᠡᠬᠦ ᠤᠬᠠᠭᠠᠨᠴᠢ ᠠᠷᠭ᠎ᠠ ᠶᠢ ᠭᠦᠨᠵᠡᠭᠡᠢ ᠡᠵᠡᠮᠰᠢᠬᠦ᠂ | ᠥᠭᠡᠷᠡᠴᠢᠯᠡᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠬᠤ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠶ ᠡᠵᠡᠮᠰᠢᠬᠦ᠂ | ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠴᠢᠩᠭᠠᠳᠬᠠᠬᠤ᠂ ᠥᠭᠡᠷᠡᠴᠢᠯᠡᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠬᠤ᠂ | ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠣᠨᠣᠪᠴᠢᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠬᠤ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠷᠭᠡᠯᠡᠯ ᠢ ᠪᠣᠳᠣᠯᠬᠢᠯᠠᠵᠤ ᠰᠤᠷᠤᠯᠴᠠᠨ᠂ | ᠬᠠᠷᠢᠭᠤᠴᠠᠯᠭ᠎ᠠ ᠡᠪᠦᠷᠯᠡᠨ ᠰᠤᠷᠤᠯᠴᠠᠵᠤ᠂ ᠠᠰᠠᠭᠤᠳᠠᠯ ᠢ ᠠᠪᠴᠤ ᠰᠤᠷᠤᠯᠴᠠᠨ᠂ ᠶᠡᠷᠦᠩᠬᠡᠢ ᠱᠦᠵᠢ ᠶᠢᠨ ᠴᠢᠬᠤᠯᠠ | ᠶᠠᠷᠢᠶᠠᠨ ᠤ ᠪᠠᠶᠠᠯᠢᠭ ᠠᠭᠤᠯᠬᠤᠨ᠂ ᠭᠤᠣᠯ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ | ᠡᠵᠡᠮᠰᠢᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠳᠡᠭᠡᠷ᠎ᠡ ᠦᠨᠡᠨ ᠬᠦ ᠨᠢᠭᠡᠳᠬᠡᠵᠦ᠂ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠲᠦᠭᠡᠯᠴᠢ ᠪᠠᠷ | ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ | ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠭᠡᠰᠢᠭᠦᠨ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ | ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠨᠠᠮ ᠤᠨ ᠭᠡᠰᠢᠭᠦᠨ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠰᠤᠷᠤᠯᠭ᠎ᠠ | ᠡᠬᠢᠯᠡᠬᠦ ᠶᠣᠰᠣᠯᠠᠯ ᠳᠤ ᠣᠷᠣᠯᠴᠠᠪᠠ᠃ | ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ | ᠪᠠᠶᠢᠭᠤᠯᠤᠮᠵᠢ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠴᠢᠯᠦᠭᠡᠯᠡᠬᠦ ᠴᠡᠷᠢᠭ ᠤᠨ ᠡᠯ᠎ᠡ ᠨᠢᠭᠡᠴᠢ ᠪᠣᠯᠣᠨ ᠵᠡᠪᠰᠡᠭᠲᠦ | ᠴᠠᠭᠳᠠᠭ᠎ᠠ ᠶᠢᠨ ᠴᠡᠷᠢᠭ ᠠᠩᠭᠢ ᠶᠢᠨ ᠭᠤᠣᠯ ᠬᠠᠷᠢᠭᠤᠴᠠᠯᠭᠠᠲᠠᠨ ᠨᠥᠬᠦᠳ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃ | ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠰᠤᠷᠤᠯᠭ᠎ᠠ ᠡᠬᠢᠯᠡᠬᠦ ᠶᠣᠰᠣᠯᠠᠯ ᠳᠤ ᠰᠤᠯᠠ | ᠣᠷᠣᠯᠴᠠᠵᠠᠢ᠃ |