ᠠᠷᠢᠭᠤᠨ ᠬᠦᠳᠡᠯᠮᠦᠷᠢ ᠪᠠᠷ ᠲᠡᠭᠵᠢᠷᠡᠬᠦ ᠠᠮᠢᠳᠤᠷᠠᠯ ᠦᠢᠯᠡᠰ
ᠨᠡᠶᠢᠲᠡᠯᠡᠭᠰᠡᠨ ᠴᠠᠭ᠄
2024/10/31
   ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠰᠢᠭᠤ ᠰᠤᠮᠤᠨ ᠤ ᠬᠦᠷᠡᠯᠲᠦ ᠭᠠᠴᠠᠭ᠎ᠠ ᠪᠠᠷ ᠨᠤᠳᠤᠭᠲᠠᠢ ᠮᠠᠯᠴᠢᠨ ᠦᠯᠵᠡᠶᠢᠮᠡᠨᠲᠦ ᠶᠢᠨ ᠬᠢ ᠰᠠᠭᠠᠯᠢ ᠴᠡᠭᠡ ᠪᠤᠷᠤᠯᠠᠭᠤᠯᠤᠨ ᠤᠯᠵᠠ ᠤᠮᠤᠭ ᠲᠦᠭᠦᠷᠡᠩ ᠪᠠᠶᠢᠭ᠎ᠠ ᠰᠤᠷᠠᠭ ᠢᠶᠠᠷ ᠮᠠᠨ ᠤ ᠰᠤᠷᠪᠤᠯᠵᠢᠯᠠᠭ᠎ᠠ ᠶᠢᠨ ᠪᠠᠭ ᠤᠨ ᠬᠢᠨ ᠡᠳᠡᠨᠡᠶᠢᠬᠢᠨ ᠢ ᠵᠤᠷᠢᠭᠰᠠᠨ ᠪᠢᠯᠡ᠃    ︽ᠠᠵᠢᠯᠴᠢ ᠠᠶᠢᠯ ᠢ ᠠᠷᠭᠠᠯ ᠠᠴᠠ ᠨᠢ ᠬᠠᠷᠠ︾ ᠭᠡᠳᠡᠭᠴᠢᠯᠡᠨ᠂ 200 ᠲᠡᠭᠰᠢ ᠲᠦᠷᠪᠡᠯᠵᠢᠨ ᠲᠠᠯᠠᠪᠠᠢ ᠪᠦᠬᠦᠢ ᠴᠡᠪᠡᠷ ᠴᠡᠮᠴᠡᠭᠡᠷ ᠣᠷᠣᠨ ᠰᠠᠭᠤᠴᠠ᠂ ᠲᠡᠷᠢ ᠲᠡᠭᠰᠢ ᠫᠧᠩ ᠬᠤᠷᠤᠭ᠎ᠠ ᠵᠢᠴᠢ ᠬᠢᠯᠡ ᠴᠢᠯᠡ ᠴᠡᠪᠡᠷᠯᠡᠭᠰᠡᠨ ᠡᠷᠬᠢᠨ ᠲᠤᠭᠤᠷᠢᠨ  ᠠᠴᠠ ᠨᠢ ᠵᠤᠷᠢᠵᠤ ᠤᠴᠢᠭᠰᠠᠨ ᠦᠯᠵᠡᠶᠢᠮᠡᠨᠲᠦ ᠶᠢᠨ ᠬᠢᠨ ᠤ ᠠᠵᠢᠯᠴᠢ ᠬᠦᠳᠡᠯᠮᠦᠷᠢᠴᠢ ᠴᠢᠨᠡᠭᠡᠯᠢᠭ ᠠᠮᠢᠳᠤᠷᠠᠯ ᠲᠠᠢ ᠭᠡᠳᠡᠭ  ᠨᠢ ᠦᠵᠡᠮᠡᠭᠴᠡ ᠭᠠᠳᠠᠷᠯᠠᠭᠳᠠᠨ᠎ᠠ᠃    ᠰᠤᠷᠪᠤᠯᠵᠢᠯᠠᠭ᠎ᠠ ᠲᠤᠮᠳᠠ ᠤᠶᠢᠯᠠᠭᠠᠭᠰᠠᠨ ᠢᠶᠠᠷ᠂ ᠡᠳᠡᠨᠡᠶᠢᠬᠢᠨ ᠬᠦᠦ ᠪᠡᠷᠢ ᠬᠤᠶᠠᠷ ᠤᠮᠪᠤᠯᠤ ᠲᠠᠢ ᠪᠠᠨ‌ᠠᠮᠠ ᠪᠦᠯᠢ ᠵᠢᠷᠭᠤᠭᠤᠯᠠ᠂ 1600 ᠭᠠᠷᠤᠢ ᠮᠦ ᠨᠤᠳᠤᠭ ᠪᠡᠯᠴᠢᠭᠡᠷ ᠪᠤᠯᠤᠨ ᠪᠤᠰᠤᠳ ᠠᠴᠠ ᠲᠦᠷᠢᠶᠡᠰᠦᠯᠡᠭᠰᠡᠨ ᠨᠤᠳᠤᠭ ᠲᠠᠭᠠᠨ ᠠᠷᠪᠠᠭᠠᠳ ᠦᠭᠡᠷ᠂ ᠭᠤᠴᠢ ᠭᠠᠷᠤᠢ ᠠᠳᠤᠭᠤ᠂ 160 ᠭᠠᠷᠤᠢ ᠬᠤᠨᠢ ᠵᠤᠬᠢᠴᠠᠭᠤᠯᠤᠨ ᠮᠠᠯᠵᠢᠵᠤ᠂ ᠰᠠᠭᠠᠯᠢ ᠴᠡᠭᠡ ᠪᠤᠷᠤᠯᠠᠭᠤᠯᠵᠤ᠂ ᠠᠵᠠ ᠵᠢᠷᠭᠠᠯᠲᠤ ᠴᠢᠨᠡᠭᠡᠯᠢᠭ ᠠᠮᠢᠳᠤᠷᠠᠯ ᠢᠶᠠᠨ ᠴᠤᠭᠴᠠᠯᠠᠵᠤ ᠶᠠᠪᠤᠨ᠎ᠠ᠃    ᠡᠶᠢᠨᠬᠦ ᠡᠳᠡᠨᠠᠶᠢᠬᠢᠨ ᠨᠤᠳᠤᠭ ᠪᠡᠯᠴᠢᠭᠡᠷ ᠤᠨ ᠲᠠᠯᠠᠪᠠᠢ ᠪᠠᠭ᠎ᠠ ᠵᠡᠷᠭᠡ ᠪᠤᠳᠠᠳᠤ ᠪᠠᠶᠢᠳᠠᠯ ᠳᠠᠭᠠᠨ ᠴᠢᠭᠯᠡᠬᠦᠯᠵᠦ᠂ ᠰᠦᠷᠦᠭ  ᠤᠨ ᠪᠦᠳᠦᠴᠡ ᠳᠡᠭᠡᠨ ᠲᠤᠬᠢᠷᠠᠭᠤᠯᠤᠯᠲᠠ ᠬᠢᠵᠦ᠂ ᠠᠳᠤᠭᠤ ᠮᠠᠯᠵᠢᠬᠤ ᠪᠠᠷ ᠭᠤᠤᠯᠳᠠᠭᠤᠯᠤᠨ᠂ ᠵᠤᠨ ᠤ ᠤᠯᠠᠷᠢᠯ ᠳᠤ ᠬᠤᠷᠢᠭᠠᠳ ᠬᠡᠬᠦᠦ ᠰᠠᠭᠠᠵᠤ ᠡᠲᠦᠷ ᠤᠨ 4 ᠤᠳᠠᠭ᠎ᠠ ᠨᠡᠶᠢᠲᠡ 80 ᠭᠠᠷᠤᠢ ᠵᠢᠩ ᠰᠠᠭᠠᠮ᠎ᠠ ᠠᠪᠴᠤ᠂ ᠬᠤᠯᠠ ᠤᠶᠢᠷ᠎ᠠ  ᠶᠢᠨ ᠭᠡᠷᠡᠭᠯᠡᠭᠴᠢᠳ ᠲᠡᠭᠡᠨ ᠬᠤᠳᠠᠯᠳᠤᠨ ᠪᠤᠷᠤᠯᠠᠭᠤᠯᠵᠤ᠂ ᠭᠠᠳᠠᠭᠰᠢ ᠬᠦᠬᠡᠬᠤᠲᠠ᠂ ᠤᠯᠠᠭᠠᠠᠬᠠᠲᠠ᠂ ᠲᠦᠩᠯᠢᠶᠤᠤ᠂ ᠪᠡᠭᠡᠵᠢᠩ ᠵᠡᠷᠭᠡ ᠭᠠᠵᠠᠷ ᠤᠨ ᠵᠠᠬᠢᠶᠠᠯᠭ᠎ᠠ ᠶᠢ ᠴᠦ ᠠᠮᠵᠢᠭᠤᠯᠤᠨ᠂ ᠵᠢᠯ ᠤᠨ ᠪᠠᠭ᠎ᠠ ᠪᠤᠰᠤ ᠤᠷᠤᠯᠭ᠎ᠠ ᠶᠢ ᠡᠭᠦᠳᠦᠳᠡᠭ ᠪᠠᠶᠢᠨ᠎ᠠ᠃     ᠨᠡᠩ ᠴᠦ 2022 ᠤᠨ ᠳᠤ ︽ᠬᠦᠳᠡᠭᠡ ᠠᠶᠢᠯ︾ ᠰᠦ ᠰᠠᠭᠠᠯᠢ ᠶᠢᠨ ᠡᠵᠡᠩᠨᠡᠯᠲᠡ ᠶᠢᠨ ᠦᠨᠡᠮᠯᠡᠯ ᠢᠶᠠᠨ ᠲᠠᠩᠰᠠᠯᠠᠭᠤᠯᠵᠤ᠂ ᠬᠤᠷᠤᠳ᠂ ᠡᠭᠡᠵᠡᠭᠡᠢ᠂ ᠰᠢᠷ᠎ᠠ ᠲᠤᠰᠤ ᠵᠡᠷᠭᠡ ᠠᠷᠪᠠᠭᠠᠳ ᠲᠦᠷᠦᠯ ᠤᠨ ᠤᠯᠠᠮᠵᠢᠯᠠᠯᠲᠤ ᠴᠠᠭᠠᠨ ᠢᠳᠡᠭᠡ  ᠶᠢ ᠬᠢᠵᠦ ᠲᠠᠸᠠᠷᠴᠢᠯᠠᠨ ᠬᠠᠶᠢᠷᠴᠠᠭᠯᠠᠵᠤ ᠪᠤᠷᠤᠯᠠᠭᠤᠯᠤᠨ᠂ ᠦᠨᠦᠷ ᠠᠮᠳᠠ ᠨᠢ ᠪᠠᠶᠢᠭᠠᠯᠢᠯᠢᠭ ᠰᠠᠶᠢᠬᠠᠨ ᠢᠶᠠᠷ ᠤᠶᠢᠷ᠎ᠠ ᠬᠠᠪᠢ ᠲᠡᠷᠡᠴᠢᠯᠡᠨ ᠠᠯᠤᠰ ᠬᠤᠯᠠ ᠪᠡᠭᠡᠵᠢᠩ᠂ ᠵᠢᠶᠠᠩᠰᠤ ᠵᠡᠷᠭᠡ ᠭᠠᠵᠠᠷ ᠤᠷᠤᠨ ᠤ ᠭᠡᠷᠡᠭᠯᠡᠭᠴᠢᠳ ᠤᠨ ᠲᠠᠭᠠᠰᠢᠶᠠᠯ ᠳᠤ ᠬᠦᠷᠴᠦ᠂ ᠸᠢᠴᠠᠲ ᠬᠤᠯᠪᠤᠭ᠎ᠠ ᠰᠦᠯᠵᠢᠶᠡᠨ ᠤ ᠵᠠᠬᠢᠶᠠᠯᠭ᠎ᠠ ᠲᠤᠰᠴᠤ᠂ ᠵᠢᠯ ᠳᠤ 5 —7 ᠲᠦᠮᠡ ᠶᠢᠨ ᠤᠷᠤᠯᠭ᠎ᠠ ᠡᠭᠦᠳᠴᠤ᠂ ᠠᠵᠤ ᠠᠮᠢᠳᠤᠷᠠᠯ ᠳᠠᠭᠠᠨ ᠨᠡᠮᠡᠷᠢᠯᠡᠳᠡᠭ ᠪᠠᠶᠢᠨ᠎ᠠ᠃    ᠬᠤᠰᠢᠭᠤ ᠤᠷᠤᠨ ᠨᠤᠳᠤᠭ ᠠᠴᠠ ᠠᠶᠠᠯᠠᠯ ᠵᠢᠭᠤᠯᠴᠢᠯᠠᠯ ᠤᠨ ᠦᠢᠯᠡᠰ ᠢ ᠶᠡᠭᠡᠪᠡᠷ ᠬᠦᠭᠵᠢᠬᠦᠯᠵᠦ᠂ ᠵᠤᠨ ᠤ ᠰᠠᠶᠢᠬᠠᠨ ᠴᠠᠭ ᠲᠤ ᠲᠤᠭᠤᠷᠢᠨ‌ᠵᠤᠭᠠᠴᠠᠭᠰᠠᠳ ᠤᠨ ᠲᠤᠭ᠎ᠠ ᠵᠢᠯ ᠲᠠᠷᠠᠭᠠᠯᠠᠨ ᠨᠡᠮᠡᠭᠳᠡᠵᠦ ᠪᠠᠶᠢᠭ᠎ᠠ ᠠᠰᠢᠭᠲᠠᠢ ᠲᠤᠬᠢᠶᠠᠯ ᠢ ᠠᠰᠢᠭᠯᠠᠨ᠂ 4 ᠮᠤᠩᠭᠤᠯ ᠭᠡᠷ ᠪᠠᠷᠢᠵᠤ᠂ ᠵᠤᠭᠠᠴᠠᠯ ᠡᠷᠬᠢᠯᠡᠨ᠂ ᠴᠦᠬᠡᠨ ᠲᠤᠭᠠᠨ ᠤ ᠵᠤᠭᠠᠴᠠᠭᠰᠠᠳ ᠢ ᠲᠤᠰᠴᠤ᠂ ᠮᠠᠯᠵᠢᠯ ᠤᠨ ᠪᠤᠰᠤ ᠤᠷᠤᠯᠭ᠎ᠠ ᠡᠭᠦᠳᠦᠳᠡᠭ ᠶᠤᠮ᠃    ᠡᠬᠦᠨ ᠤ ᠵᠡᠷᠭᠡᠪᠡᠷ ᠦᠯᠵᠡᠶᠢᠮᠡᠨᠳᠦ ᠭᠡᠷ ᠪᠦᠯᠢ ᠳᠡᠭᠡᠨ ᠭᠤᠷᠪᠠᠨ ᠨᠠᠮ ᠤᠨ ᠬᠡᠰᠢᠬᠦᠨ ᠲᠠᠢ ᠪᠠᠶᠢᠵᠤ᠂ ᠨᠠᠮ ᠤᠨ ᠬᠡᠰᠢᠬᠦᠨ ᠤ ᠲᠠᠶᠢᠴᠢᠯᠠᠨ ᠲᠠᠭᠠᠭᠤᠯᠬᠤ ᠦᠢᠯᠡᠳᠦᠯ ᠴᠢᠳᠠᠪᠬᠢ ᠪᠠᠨ ᠬᠦᠢᠴᠡᠳ ᠪᠠᠳᠠᠷᠠᠭᠤᠯᠵᠤ᠂ ᠬᠤᠷᠠᠯ ᠰᠤᠷᠤᠯᠴᠠᠯᠭ᠎ᠠ ᠳᠤ ᠢᠳᠡᠪᠬᠢᠯᠡᠨ ᠤᠷᠤᠯᠴᠠᠵᠤ᠂ ᠭᠠᠴᠠᠭ᠎ᠠ ᠰᠤᠮᠤᠨ ᠠᠴᠠ ᠡᠷᠬᠢᠯᠡᠭᠰᠡᠨ ᠡᠯ᠎ᠡ ᠵᠦᠢᠯ ᠤᠨ ᠬᠦᠳᠡᠯᠭᠡᠭᠡᠨ ᠠᠵᠢᠯᠯᠠᠭᠠᠨ ᠳᠤ ᠢᠳᠡᠪᠬᠢᠯᠡᠨ᠂ ᠨᠠᠮ ᠤᠨ ᠬᠡᠰᠢᠬᠦᠨ ᠤ ᠡᠬᠦᠷᠭᠡ ᠬᠠᠷᠢᠭᠤᠴᠠᠯᠭ᠎ᠠ ᠪᠠᠨ ᠡᠷᠬᠢᠮᠨᠡᠨ ᠨᠠᠨᠳᠢᠩᠨᠠᠵᠤ ᠶᠠᠪᠤᠳᠠᠭ ᠠᠴᠠ ᠡᠷᠬᠢᠨ ᠲᠤᠭᠤᠷᠢᠨ ᠤ ᠠᠶᠢᠯ ᠰᠠᠭᠠᠬᠠᠯᠲᠠ ᠵᠢᠴᠢ ᠭᠠᠴᠠᠭᠠᠨ ᠤ ᠵᠠᠯᠠᠭᠤ ᠪᠠᠭᠠᠴᠤᠳ ᠲᠠᠭᠠᠨ ᠲᠠᠭᠤᠷᠢᠶᠠᠯ ᠬᠦᠴᠦᠨ ᠪᠤᠯᠵᠤ ᠬᠢᠯᠠᠷᠠᠭᠤᠯᠤᠨ᠎ᠠ᠃    ︽ᠦᠭᠡᠳᠡᠯᠡᠬᠦ ᠠᠶᠢᠯ ᠤᠨ ᠦᠬᠡ ᠨᠢ ᠨᠢᠭᠡ᠂ ᠦᠰᠬᠦ ᠮᠠᠯ ᠤᠨ ᠵᠢᠰᠤ ᠨᠢ ᠨᠢᠭᠡ︾ ᠭᠡᠳᠡᠭᠴᠢᠯᠡᠨ᠂ ᠦᠯᠵᠡᠶᠢᠮᠡᠨᠲᠦ ᠲᠤᠭᠤᠰ ᠬᠤᠶᠠᠷ ᠰᠠᠨᠠᠭ᠎ᠠ ᠵᠤᠷᠢᠯᠭ᠎ᠠ ᠪᠠᠨ ᠨᠢᠭᠡᠳᠭᠡᠨ᠂ ᠰᠠᠨᠠᠭᠰᠠᠨ ᠦᠢᠯᠡᠰ ᠤᠨ ᠢᠶᠠᠨ ᠲᠦᠯᠦᠭᠡ ᠰᠢᠭᠤᠷᠬᠠᠶᠢᠯᠠᠨ ᠬᠦᠳᠡᠯᠮᠦᠷᠢᠯᠡᠵᠦ᠂ ᠠᠷᠢᠭᠤᠨ ᠬᠦᠳᠡᠯᠮᠦᠷᠢ ᠠᠪᠬᠠᠯᠵᠢ ᠤᠬᠠᠭᠠᠨ ᠢᠶᠠᠷ ᠦᠭᠡᠳᠡᠯᠡᠭᠰᠡᠨ ᠰᠦ ᠰᠠᠭᠠᠯᠢ ᠴᠡᠭᠡᠨ ᠤ ᠦᠢᠯᠡᠰ  ᠢᠶᠠᠨ ᠤᠯᠠᠮ ᠴᠢᠨᠠᠭᠰᠢᠲᠠ ᠦᠷᠭᠡᠳᠭᠡᠨ ᠬᠦᠭᠵᠢᠬᠦᠯᠬᠦ ᠠᠯᠤᠰ ᠬᠡᠳᠦ ᠶᠢᠨ ᠲᠦᠰᠦᠪ ᠲᠦᠯᠦᠪᠯᠡᠯᠭᠡ ᠲᠠᠢ᠂ ᠢᠷᠡᠬᠦ ᠮᠠᠷᠭᠠᠰᠢ  ᠳᠠᠭᠠᠨ ᠢᠳᠡᠭᠡᠯ ᠲᠦᠭᠦᠷᠡᠩ᠂ ᠠᠮᠢᠳᠤᠷᠠᠯ ᠦᠢᠯᠡᠰ ᠢᠶᠠᠨ ᠴᠤᠭᠴᠠᠯᠠᠵᠤ ᠶᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号