ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦᠨ ᠤ ᠨᠡᠶᠢᠭᠡᠮᠯᠢᠭ ᠤᠨ ᠬᠢᠨ ᠨᠡᠶᠢᠭᠡᠮ ᠤᠨ 8150 ᠲᠦᠮᠡᠨ ᠲᠥᠭᠦᠷᠢᠭ ᠤᠨ ᠬᠠᠨᠳᠢᠪ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2024/10/31
     ᠮᠠᠨ ᠤ ᠣᠷᠣᠨ ︽ᠤᠯᠤᠰ ᠤᠨ ᠣᠷᠣᠭᠤᠯᠤᠯᠲᠠ ᠪᠠᠷ ᠭᠤᠣᠯ ᠪᠣᠯᠭᠠᠵᠤ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠠᠷ ᠬᠠᠪᠰᠤᠷᠤᠮᠵᠢ ᠪᠣᠯᠭᠠᠵᠤ᠂ ᠨᠡᠶᠢᠭᠡᠮ ᠤᠨ ᠬᠢᠨ ᠥᠷᠭᠡᠨ ᠢᠶᠠᠷ ᠣᠷᠣᠯᠴᠠᠬᠤ︾ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦᠨ ᠤ ᠨᠡᠶᠢᠭᠡᠮᠯᠢᠭ ᠪᠠᠶᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠵᠣᠷᠢᠭᠵᠢᠭᠤᠯᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠤᠯᠴᠠᠬᠤ ᠶᠢ  ᠨᠢ ᠳᠡᠮᠵᠢᠵᠦ ᠪᠠᠶᠢᠨ᠎ᠠ᠃ 10 ᠳ᠋ᠤᠭᠠᠷ ᠰᠠᠷ᠎ᠠ ᠶᠢᠨ 28 ᠤ ᠡᠳᠦᠷ᠂ ᠾᠦᠢ ᠨᠧᠩ ᠬᠤᠪᠢ ᠡᠵᠡᠮᠳᠡᠭᠰᠡᠨ ᠪᠦᠯᠦᠭᠯᠡᠯ ᠠᠴᠠ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦᠨ ᠤ ᠨᠡᠶᠢᠭᠡᠮᠯᠢᠭ ᠲᠤ ᠬᠠᠨᠳᠢᠪᠯᠡᠭ᠌ᠰᠠᠨ 4000 ᠲᠦᠮᠡᠨ ᠲᠥᠭᠦᠷᠢᠭ ᠤᠨ ᠪᠡᠯᠡ ᠮᠥᠩᠭᠦ ᠶᠢ ᠭᠤᠣᠯᠳᠠᠯᠭ᠎ᠠ ᠪᠣᠯᠬᠤ ᠣᠷᠣᠨ ᠪᠦᠰᠡ ᠳᠠᠬᠢ ᠡᠯᠡᠰᠣᠵᠢᠭ᠍ᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠤᠢ ᠶᠢ ᠳᠠᠷᠢᠵᠦ ᠣᠶᠢᠵᠢᠭᠤᠯᠬᠤ ᠳᠤ ᠬᠡᠷᠡᠭᠯᠡᠬᠦ ᠪᠠᠷ ᠪᠠᠶᠢᠨ᠎ᠠ᠃ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦᠨ ᠤ ᠨᠡᠶᠢᠭᠡᠮᠯᠢᠭ ᠤᠨ ᠬᠢᠨ ᠨᠡᠶᠢᠭᠡᠮ ᠤᠨ ᠬᠠᠨᠳᠢᠪ ᠢ 8150 ᠲᠦᠮᠡᠨ ᠲᠥᠭᠦᠷᠢᠭ ᠬᠦᠯᠢᠶᠡᠨ ᠠᠪᠤᠭᠰᠠᠨ ᠪᠠᠶᠢᠨ᠎ᠠ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠨᠢᠭᠡᠨᠲᠡ 1950 ᠲᠦᠮᠡᠨ ᠮᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ 634 ᠲᠦᠮᠡᠨ ᠮᠦ ᠣᠶᠢᠵᠢᠭᠤᠯᠤᠨ᠂ 1864 ᠲᠦᠮᠡᠨ ᠮᠦ ᠡᠪᠡᠰᠦ ᠳᠠᠷᠢᠵᠤ᠂ ᠡᠭᠦᠷᠭᠡ ᠪᠠᠨ ᠴᠥᠮ ᠤᠷᠢᠳᠴᠢᠯᠠᠨ ᠳᠠᠪᠠᠭᠤᠯᠵᠤ ᠪᠡᠶᠡᠯᠡᠭᠦᠯᠪᠡ᠃
 
ᠢᠷᠡᠯᠲᠡ᠄ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号