ᠪᠠᠷᠠᠭᠤᠨ ᠦᠵᠦᠮᠦᠴᠢᠨ ᠬᠤᠰᠢᠭᠤ ᠪᠦᠳᠦᠮᠵᠢᠳᠠᠢ ᠠᠷᠭ᠎ᠠ ᠬᠡᠮᠵᠢᠶ᠎ᠡ ᠪᠠᠷ ᠰᠣᠶᠣᠯ ᠵᠢᠭᠤᠯᠴᠢᠯᠠᠯ ᠤᠨ ᠰᠢᠨ᠎ᠡ ᠬᠥᠳᠡᠯᠭᠡᠬᠦ ᠬᠦᠴᠦᠨ ᠢ ᠭᠦᠭᠵᠢᠬᠡᠵᠦ ᠪᠠᠶᠢᠨ᠎ᠠ
ᠨᠡᠶᠢᠲᠡᠯᠡᠭᠰᠡᠨ ᠴᠠᠭ᠄
2024/10/8
    ᠣᠶᠢᠷ᠎ᠠ ᠶᠢᠨ ᠵᠢᠯ᠂ ᠪᠠᠷᠠᠭᠤᠨ ᠦᠵᠦᠮᠦᠴᠢᠨ ᠬᠤᠰᠢᠭᠤ ᠨᠢ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠬᠤ ᠶᠢ ᠪᠠᠷᠢᠮᠲᠠᠯᠠᠨ᠂ ︽ᠲᠣᠮᠣ ᠵᠢᠭᠤᠯᠴᠢᠯᠠᠯ︾᠎ ᠤᠨ ᠦᠵᠡᠯᠲᠡ ᠶᠢ ᠪᠣᠶ ᠪᠣᠯᠭᠠᠵᠤ᠂ ᠵᠢᠭᠤᠯᠴᠢᠯᠠᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠣᠯᠠᠨ ᠲᠠᠯ᠎ᠠ ᠶᠢᠨ ᠠᠷᠭ᠎ᠠ ᠬᠡᠮᠵᠢᠶ᠎ᠡ ᠠᠪᠤᠭᠰᠠᠨ ᠪᠥᠭᠡᠳ ᠮᠠᠰᠢ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃    ᠵᠤᠭᠠᠴᠠᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠠᠷᠠᠭᠤᠨ ᠦᠵᠦᠮᠦᠴᠢᠨ ᠬᠤᠰᠢᠭᠤ ᠨᠢ ᠲᠡᠰ ᠳᠡᠪᠰᠢᠬᠦ ᠶᠢ ᠪᠡᠶᠡᠯᠡᠭᠦᠯᠵᠡᠢ᠃ ᠰᠠᠷᠬᠦᠯᠠᠩ ᠬᠠᠷᠠᠭᠠᠳᠣ ᠦᠵᠡᠮᠵᠢ ᠶᠢᠨ ᠴᠡᠭ ᠤᠨ ᠮᠣᠳᠣᠨ ᠬᠥᠭᠦᠷᠭᠡ ᠶᠢᠨ ᠵᠠᠮ ᠵᠢᠴᠢ ᠲᠡᠷᠭᠡᠨ ᠵᠣᠭᠰᠣᠭᠠᠯ᠂ ᠬᠠᠪᠴᠢᠭᠠᠢ  ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠢ ᠨᠢᠭᠡᠨᠲᠡ ᠪᠠᠶᠢᠭᠤᠯᠵᠤ ᠳᠠᠭᠤᠰᠬᠠᠭᠠᠳ᠂ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾᠎ ᠤᠨ ᠡᠬᠢᠯᠡᠯᠲᠡ ᠶᠢᠨ ᠴᠡᠭ ᠤᠨ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠢ ᠵᠢᠱᠢᠯᠲᠡ ᠪᠠᠷ 10 ᠳ᠋ᠤᠭᠠᠷ ᠰᠠᠷ᠎ᠠ ᠎ ᠶᠢᠨ ᠰᠡᠭᠦᠯᠴᠢ ᠪᠠᠷ  ᠠᠰᠢᠭᠯᠠᠯᠳᠠ ᠳᠤ ᠤᠷᠤᠭᠤᠯᠬᠤ ᠪᠤᠯᠤᠨ᠎ᠠ᠃ ᠡᠳᠡᠭᠡᠷ ᠰᠠᠭᠤᠷᠢ ᠲᠥᠬᠦᠭᠡᠷᠦᠮᠵᠢ ᠶᠢᠨ ᠲᠡᠭᠦᠯᠳᠡᠷᠵᠢᠯ ᠨᠢ ᠵᠤᠭᠠᠴᠠᠭᠰᠠᠳ ᠲᠤ ᠨᠡᠩ ᠰᠠᠶᠢᠨ ᠵᠤᠭᠠᠴᠠᠯ ᠤᠨ ᠦᠢᠯᠠᠴᠢᠯᠡᠭᠡ ᠬᠠᠩᠭᠠᠬᠤ ᠪᠣᠯᠣᠨ᠎ᠠ᠃    ᠭᠠᠳᠠᠭᠰᠢ ᠤᠬᠠᠭᠤᠯᠭ᠎ᠠ ᠶᠢᠨ ᠠᠵᠢᠯ ᠢ ᠰᠠᠶᠢᠳᠣᠷ ᠬᠢᠵᠦ  ᠂ ︽ᠪᠠᠭ᠋ᠠᠷᠣᠮ᠎ᠠ ᠰᠠᠶᠢᠬᠠᠨ ᠪᠠᠷᠠᠭᠤᠨ ᠦᠵᠦᠮᠦᠴᠢᠨ︾ ᠲᠢᠺ ᠲᠤᠺ ᠲᠡᠬᠡᠷ᠎ᠡ 197 ᠪᠦᠲᠦᠭᠡᠯ ᠨᠡᠶᠢᠲᠡᠯᠡᠵᠦ᠂ ᠸᠢᠳᠢᠤ᠋ ᠳ᠋ᠤᠭᠠᠷ ᠲᠤ 205 ᠪᠦᠲᠦᠭᠡᠯ ᠭᠠᠷᠭᠠᠵᠤ᠂ ᠸᠢᠴᠠᠲ ᠤᠨ ᠨᠡᠶᠢᠲᠡ ᠶᠢᠨ ᠳ᠋ᠤᠭᠠᠷ ᠲᠤ 120 ᠭᠠᠷᠤᠢ ᠪᠦᠲᠦᠭᠡᠯ ᠢ ᠨᠡᠶᠢᠲᠡᠯᠡᠵᠦ᠂ 11 ᠬᠤᠲᠠ ᠤᠷᠤᠨ ᠳᠤ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠢ 14 ᠲᠠᠯᠠᠪᠤᠷ᠂ ᠲᠣᠰ ᠭᠠᠵᠠᠷ ᠣᠷᠣᠨ ᠤ ᠲᠠᠨᠢᠯᠴᠠᠭᠤᠯᠭ᠎ᠠ ᠶᠢᠨ ᠬᠤᠷᠠᠯ ᠢ ᠬᠤᠶᠠᠷ ᠲᠠᠯᠠᠪᠤᠷ ᠡᠷᠭᠢᠯᠡᠵᠦ᠂ ᠮᠠᠰᠢ ᠣᠯᠠᠨ ᠵᠢᠭᠤᠯᠴᠢᠯᠠᠯ ᠤᠨ ᠪᠦᠯᠬᠦᠮ ᠢ ᠲᠡᠳᠡᠨ ᠣᠷᠣᠯᠴᠠᠭᠤᠯᠵᠤ᠂ ᠨᠡᠶᠢᠲᠡ 2000 ᠭᠠᠷᠤᠢ ᠬᠥᠮᠥᠨ ᠤᠳᠠᠭ᠎ᠠ ᠤᠷᠢᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠤᠬᠠᠭᠤᠯᠭ᠎ᠠ ᠳᠡᠯᠭᠡᠷᠡᠭᠦᠯᠦᠯᠲᠡ ᠶᠢᠨ ᠦᠷ᠎ᠡ ᠪᠦᠲᠦᠮᠵᠢ ᠢᠯᠡᠳᠲᠡ ᠪᠣᠯᠪᠠ᠃     ᠪᠦᠬᠦ ᠬᠤᠰᠢᠭᠤᠨ ᠤ ᠬᠥᠳᠡᠭᠡ ᠲᠣᠰᠬᠤᠨ ᠤ ᠵᠤᠭᠠᠴᠠᠯ ᠤᠨ ᠪᠣᠯᠪᠠᠰᠤᠷᠠᠯ ᠤᠨ ᠠᠩᠭᠢ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠤᠷᠤᠯᠳᠤᠭᠠᠨ ᠡᠷᠬᠢᠯᠡᠵᠦ᠂ ︽ᠵᠢᠭᠤᠯᠴᠢᠯᠠᠯ ᠤᠨ ᠠᠷᠪᠠᠨ ᠵᠤᠷᠪᠤᠰ︾᠎ ᠤᠨ ᠲᠥᠷᠥ ᠶᠢᠨ ᠪᠣᠳᠣᠯᠭ᠎ᠠ ᠶᠢ ᠰᠢᠨᠡᠳᠬᠡᠭᠰᠡᠨ ᠪᠥᠭᠡᠳ ᠱᠠᠩᠨᠠᠯ ᠤᠨ ᠪᠡᠯᠡ ᠮᠥᠩᠭᠦ ᠶᠢ 236 ᠲᠦᠮᠡ ᠲᠦᠭᠦᠷᠡᠭ ᠪᠤᠯᠭᠠᠨ᠂ ᠪᠥᠬᠦ ᠠᠶᠢᠮᠠᠭ ᠤᠨ ᠵᠢᠭᠤᠯᠴᠢᠯᠠᠯ ᠤᠨ ᠠᠵᠢᠯᠲᠠᠨ ᠤ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠭᠰᠠᠨ ᠤ ᠬᠠᠮᠲᠤ ᠰᠢᠯᠢᠳᠡᠭ ᠬᠢᠷᠢ ᠪᠦᠲᠦᠮᠵᠢ ᠣᠯᠵᠤ᠂ ᠰᠣᠶᠣᠯ ᠤᠨ ᠵᠢᠭᠤᠯᠴᠢᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠲᠡᠬᠡᠭᠰᠢᠯᠠᠬᠦᠯᠦᠨ᠂ ᠪᠥᠬᠦ ᠣᠷᠣᠨ ᠤ ᠬᠥᠭᠵᠢᠮ ᠤᠨ ᠤᠷᠤᠯᠳᠤᠭᠠᠨ᠂ ᠪᠥᠬᠦ ᠠᠶᠢᠮᠠᠭ ᠤᠨ ᠮᠤᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠵᠡᠷᠭᠡ 30 ᠭᠠᠷᠤᠢ ᠲᠠᠯᠠᠪᠤᠷ ᠰᠣᠶᠣᠯ ᠲᠠᠮᠢᠷ ᠎ ᠤᠨ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠵᠦ᠂ ᠵᠢᠭᠤᠯᠴᠢᠯᠠᠭᠴᠢᠳ ᠲᠤ  ᠤᠷᠤᠨ ᠨᠤᠳᠤᠭ ᠤᠨ  ᠰᠣᠶᠤᠯ ᠢᠷᠬᠡᠨᠰᠢᠯ ᠢ ᠤᠬᠠᠭᠤᠯᠤᠨ ᠲᠠᠨᠢᠯᠴᠠᠭᠤᠯᠤᠭᠰᠠᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠠᠷᠭ᠎ᠠ ᠵᠠᠮ ᠎ ᠢ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠵᠤ᠂ 1.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠦᠵᠦᠮᠦᠴᠢᠨ ᠠᠳᠤᠭᠤᠨ ᠰᠣᠶᠣᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠡᠨᠡ ᠵᠢᠯ ᠤᠨ ᠳᠣᠲᠣᠷ᠎ᠠ ᠠᠰᠢᠭᠯᠠᠯᠲᠠ ᠳᠤ ᠤᠷᠤᠭᠤᠯᠬᠤ ᠪᠠᠷ ᠲᠦᠯᠤᠪᠯᠠᠵᠦ᠂ ᠠᠳᠤᠭᠤᠨ ᠤ ᠠᠵᠤ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠳᠥᠷᠪᠡᠨ ᠤᠯᠠᠷᠢᠯ ᠤᠨ ᠵᠢᠭᠤᠯᠴᠢᠯᠠᠯ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃    ᠲᠠᠯ᠎ᠠ ᠨᠤᠲᠤᠭ ᠤᠨ ︽99 ᠨᠣᠮᠧᠷᠲᠤ ᠠᠶᠠᠯᠠᠯ ᠤᠨ ᠱᠤᠭᠤᠮ︾᠎ ᠤᠨ ᠨᠠᠷᠠᠲᠤ ᠲᠡᠮᠳᠡᠭᠲᠦ ᠶᠢ ᠡᠭᠦᠳᠦᠭᠰᠡᠨ ᠎ ᠠᠴᠠ ᠨᠠᠰᠢ᠂ ᠣᠯᠠᠨ ᠵᠦᠢᠯ ᠤᠨ ᠬᠡᠯᠪᠡᠷᠢ ᠪᠠᠷ ᠤᠬᠠᠭᠤᠯᠤᠨ ᠲᠠᠨᠢᠯᠴᠠᠭᠤᠯᠵᠦ᠂ ᠨᠠᠷᠠᠲᠤ ᠲᠡᠮᠳᠡᠭᠲᠦ ᠶᠢᠨ ᠬᠠᠯᠠᠮᠰᠢᠯ ᠪᠠ ᠦᠨ᠎ᠡ ᠥᠷᠲᠡᠭ ᠢ ᠳᠡᠭᠡᠭᠰᠢᠯᠡᠭᠦᠯᠪᠡ᠃ ᠵᠢᠭᠤᠯᠴᠢᠯᠠᠯ ᠤᠨ ᠡᠬᠢ ᠪᠠᠶᠠᠯᠢᠭ ᠢ ᠦᠢ ᠣᠯᠠᠨ ᠨᠠᠷᠠᠲᠤ ᠵᠠᠭᠤᠴᠢᠯᠠᠭᠤᠷ ᠤᠨ ᠬᠢᠨ ᠡᠰᠢᠯᠡᠨ ᠬᠡᠷᠡᠭᠯᠡᠵᠦ᠂ ᠲᠥᠪ ᠲᠧᠯᠸᠢᠰ ᠤᠨ ︽ᠦᠵᠡᠰᠬᠦᠯᠠᠩᠳᠣ ᠰᠠᠶᠢᠬᠠᠨ ᠳᠤᠮᠳᠠᠳᠤ ᠤᠯᠤᠰ︾ ᠪᠤᠯᠤᠩ ᠳᠤ ᠬᠤᠶᠠᠷ ᠤᠳᠠᠭ᠎ᠠ ᠰᠣᠩᠭᠤᠭᠳᠠᠨ ᠣᠷᠣᠵᠤ᠂ ᠵᠢᠭᠤᠯᠴᠢᠯᠠᠯ ᠤᠨ ᠠᠯᠳᠠᠷᠰᠢᠯ ᠢ ᠳᠡᠭᠡᠭᠰᠢᠯᠡᠭᠦᠯᠦᠨ᠂ ᠦᠯᠡᠮᠵᠢ ᠣᠯᠠᠨ ᠵᠤᠭᠠᠴᠠᠭᠰᠠᠳ ᠢ ᠲᠠᠲᠠᠭᠰᠠᠨ ᠪᠠᠶᠢᠨ᠎ᠠ᠃ 7 ᠰᠠᠷ᠎ᠠ ᠶᠢᠨ ᠰᠡᠭᠦᠯᠴᠢ ᠪᠣᠯᠲᠠᠯ᠎ᠠ᠂ ᠪᠦᠭᠦ ᠬᠤᠰᠢᠭᠤᠨ ᠤ ᠬᠦᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ 121.3 ᠲᠦᠮᠡᠨ ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39 %᠎ ᠪᠠᠷ ᠨᠡᠮᠡᠭᠳᠡᠵᠡᠢ᠃ ᠵᠢᠭᠤᠯᠴᠢᠯᠠᠯ ᠤᠨ ᠣᠷᠣᠯᠭ᠎ᠠ ᠪᠠᠷᠤᠭ 5.33 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33%᠎ ᠪᠠᠷ ᠨᠡᠮᠡᠭᠳᠡᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号