ᠪᠠᠷᠠᠭᠤᠨ ᠦᠵᠦᠮᠦᠴᠢᠨ ᠬᠤᠰᠢᠭᠤᠨ ᠤ ᠲᠠᠮᠢᠷᠴᠢᠳ ᠰᠢᠯᠢᠳᠡᠭ ᠪᠦᠲᠦᠮᠵᠢ ᠤᠯᠪᠠ
ᠨᠡᠶᠢᠲᠡᠯᠡᠭᠰᠡᠨ ᠴᠠᠭ᠄
2024/10/8
    9 ᠰᠠᠷ᠎ᠠ ᠶᠢᠨ 20 ︱ 22᠎ ᠤᠨ ᠡᠳᠦᠷ᠂ ᠪᠥᠬᠦ ᠠᠶᠢᠮᠠᠭ ᠤᠨ ᠵᠡᠮᠳᠡᠭᠴᠦᠳ ᠤᠨ ᠲᠠᠪᠤᠨ ᠲᠥᠷᠥᠯ ᠤᠨ ᠨᠡᠶᠢᠭᠡᠮᠯᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠰᠢᠯᠢᠩᠬᠤᠲᠠ ᠳᠤ ᠶᠠᠪᠤᠭᠳᠠᠵᠤ᠂ ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠤᠭ᠎ᠠ ᠠᠴᠠ 30 ᠨᠠᠰᠤᠨ ᠠᠴᠠ ᠳᠣᠷᠣᠭᠰᠢᠬᠢ 7 ᠵᠡᠮᠳᠡᠭ ᠲᠠᠮᠢᠷᠴᠢᠨ ᠎ ᠢ ᠰᠤᠩᠭᠤᠵᠦ᠂ ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ  ᠤᠷᠤᠯᠴᠠᠭᠤᠯᠪᠠ᠃    ᠲᠤᠰ ᠤᠳᠠᠭᠠᠨ ᠤ ᠠᠵᠢᠯᠯᠠᠭ᠎ᠠ ᠨᠢ ᠵᠠᠯᠠᠭᠤ ᠲᠠᠮᠢᠷᠴᠢᠨ ᠢ ᠰᠢᠯᠢᠨ ᠰᠣᠩᠭᠤᠵᠤ ᠤᠯᠤᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠡᠯ᠎ᠡ ᠲᠦᠷᠦᠯ ᠤᠨ ᠤᠷᠤᠯᠳᠤᠭᠠᠨ ᠤ ᠠᠵᠢᠯᠯᠠᠭ᠎ᠠ ᠳᠤ ᠬᠦᠨᠳᠦ ᠬᠥᠩᠭᠡᠨ ᠲᠠᠮᠢᠷ ᠤᠨ ᠤᠷᠤᠯᠳᠤᠭᠠᠨ᠂ ᠮᠥᠰᠥᠨ ᠳᠡᠪᠦᠷ᠎ᠡ᠂ ᠤᠮᠪᠠᠯᠲᠠ ᠶᠢᠨ ᠥᠩᠭᠡᠷᠡᠯᠲᠡ ᠵᠡᠷᠭᠡ ᠶᠢ ᠪᠠᠭᠲᠠᠭᠠᠭᠰᠠᠨ ᠨᠡᠶᠢᠲᠡ 20 ᠭᠠᠷᠤᠶ ᠤᠷᠤᠯᠳᠤᠭᠠᠨ ᠤ ᠲᠥᠷᠥᠯ ᠵᠦᠶᠯ ᠢ ᠥᠷᠨᠢᠭᠦᠯᠪᠡ᠃    ᠬᠤᠷᠴᠠ ᠰᠢᠷᠦᠭᠦᠨ ᠥᠷᠢᠰᠥᠯᠳᠦᠭᠡᠨ ᠢᠶᠠᠷ ᠲᠠᠮᠵᠢᠨ᠂ ᠪᠠᠷᠠᠭᠤᠨ ᠦᠵᠦᠮᠦᠴᠢᠨ ᠬᠤᠰᠢᠭᠤᠨ ᠤ ᠲᠠᠮᠢᠷᠴᠢᠨ ᠰᠤᠨᠢᠷᠪᠦ᠋ᠬᠡ ᠡᠷᠡᠭᠲᠡᠢ ᠶᠢᠨ ᠮᠥᠴᠢ ᠶᠢᠨ ᠳᠤᠭᠤᠶᠢᠯᠠᠩ ᠤᠨ ᠰᠢᠷᠡᠮᠦᠨ ᠪᠥᠮᠪᠦᠭᠡ ᠶᠢᠨ ᠤᠷᠤᠯᠳᠤᠭᠠᠨ ᠳᠤ ᠨᠢᠭᠡᠳᠦᠭᠡᠷ ᠲᠤ ᠣᠷᠣᠵᠤ᠂ ᠦᠷᠭᠡᠨᠳᠠᠯᠠᠢ ᠲᠤᠰ ᠲᠤᠰ ᠡᠷᠡᠭᠲᠡᠢ ᠶᠢᠨ ᠰᠣᠨᠣᠷ ᠤᠨ ᠳᠤᠭᠤᠶᠢᠯᠠᠩ ᠤᠨ ᠲᠡᠮᠦᠷ ᠪᠦᠮᠪᠦᠭᠡ ᠶᠢᠨ ᠤᠷᠤᠯᠳᠤᠭᠠᠨ ᠳᠤ ᠬᠤᠶᠠᠳᠤᠭᠠᠷ᠂ 800 ᠮᠧᠲᠷ ᠤᠨ ᠤᠷᠤᠯᠳᠤᠭᠠᠨ ᠳᠤ ᠭᠤᠷᠪᠠᠳᠤᠭᠠᠷ ᠂ ᠰᠢᠷᠡᠮᠦᠨ ᠪᠥᠮᠪᠦᠭᠡ ᠶᠢᠨ ᠤᠷᠤᠯᠳᠤᠭᠠᠨ ᠳᠤ ᠭᠤᠷᠪᠠᠳᠤᠭᠠᠷ ᠲᠤ ᠤᠷᠤᠪᠠ᠃ ᠸᠠᠩ ᠰᠢᠨ ᠡᠷᠡᠭᠲᠡᠢ ᠶᠢᠨ ᠮᠥᠴᠢ ᠶᠢᠨ ᠳᠤᠭᠤᠶᠢᠯᠠᠩ ᠤᠨ ᠰᠢᠷᠡᠮᠦᠨ ᠪᠥᠮᠪᠦᠭᠡ ᠶᠢᠨ ᠤᠷᠤᠯᠳᠤᠭᠠᠨ ᠳᠤ ᠬᠤᠶᠠᠳᠤᠭᠠᠷ ᠲᠤ  ᠤᠷᠤᠵᠦ᠂ ᠪᠠᠳᠠᠷᠠᠬᠤ᠂ ᠼᠤᠤ ᠯᠸᠢ᠂ ᠬᠤ᠋ ᠰᠢᠶᠤᠤ ᠢᠦᠢ ᠡᠷᠡᠭᠲᠡᠢ ᠶᠢᠨ ᠮᠥᠴᠢ ᠶᠢᠨ ᠳᠤᠭᠤᠶᠢᠯᠠᠩ ᠤᠨ ᠰᠢᠷᠡᠮᠦᠨ ᠪᠥᠮᠪᠦᠭᠡ ᠶᠢᠨ ᠤᠷᠤᠯᠳᠤᠭᠠᠨ ᠳ᠋ᠥ‌ᠭᠤᠷᠪᠠᠳᠤᠭᠠᠷ ᠲᠤ ᠣᠷᠣᠪᠠ᠃    ᠤᠷᠤᠯᠳᠤᠭᠠᠨ ᠤ ᠲᠠᠯᠠᠪᠠᠢ ᠳᠤ ᠪᠠᠷᠠᠭᠤᠨ ᠦᠵᠦᠮᠦᠴᠢᠨ ᠬᠤᠰᠢᠭᠤᠨ ᠤ 7 ᠲᠠᠮᠢᠷᠴᠢᠨ  ᠰᠢᠯᠢᠳᠡᠭ ᠠᠮᠵᠢᠯᠲᠠ ᠶᠢ ᠵᠣᠷᠢᠭᠲᠠᠶ ᠪᠠᠷ ᠡᠭᠦᠳᠴᠦ᠂ ᠮᠠᠨ ᠤ ᠬᠤᠰᠢᠭᠤᠨ ᠤ ᠵᠡᠮᠳᠡᠭᠴᠦᠳ ᠤᠨ ᠥᠪᠡᠷ ᠢ ᠪᠠᠨ ᠬᠦᠴᠦᠷᠬᠡᠭᠵᠢᠭᠦᠯᠦᠨ ᠡᠷᠡᠯᠬᠡᠭᠯᠡᠨ  ᠤᠷᠤᠭᠰᠢᠯᠠᠬᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠵᠣᠷᠢᠭ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号