ᠪᠠᠷᠠᠭᠤᠨ ᠦᠵᠦᠮᠦᠴᠢᠨ ᠬᠤᠰᠢᠭᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠵᠤ᠂ ᠰᠠᠶᠢᠨ ᠭᠡᠷ ᠤᠨ ᠰᠤᠷᠲᠠᠯ ᠢᠶᠠᠷ ᠰᠢᠯᠢᠳᠡᠭ ᠬᠡᠥᠬᠡᠳ ᠢ ᠬᠥᠮᠦᠵᠢᠭᠦᠯᠬᠦ︾ ᠭᠡᠷ ᠪᠦᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ  ᠶᠠᠪᠣᠭᠳᠠᠭᠤᠯᠪᠠ
ᠨᠡᠶᠢᠲᠡᠯᠡᠭᠰᠡᠨ ᠴᠠᠭ᠄
2024/10/8
          ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠤᠰᠠᠳᠠ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠲᠠᠢ  ᠤᠶᠠᠯᠳᠤᠭᠤᠯᠤᠨ᠂ 9 ᠰᠠᠷ᠎ᠠ ᠶᠢᠨ 28᠎ ᠤ ᠡᠳᠦᠷ᠂ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠂ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠬᠠᠮᠲᠤᠷᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠰᠠᠶᠢᠨ ᠭᠡᠷ ᠤᠨ ᠰᠤᠷᠲᠠᠯ ᠢᠶᠠᠷ ᠰᠢᠯᠢᠳᠡᠭ ᠬᠡᠥᠬᠡᠳ ᠢ ᠬᠥᠮᠦᠵᠢᠭᠦᠯᠬᠦ︾ ᠭᠡᠷ ᠪᠦᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠶᠪᠤᠭᠳᠠᠭᠤᠯᠪᠠ᠃     ᠤᠷ᠎ᠠ ᠴᠢᠳᠠᠪᠤᠷᠢ  ᠎ ᠶᠢᠨ ᠦᠵᠡᠭᠦᠯᠦᠯᠭᠡ ᠨᠢ ᠳᠠᠭᠤᠤ ︽ᠵᠣᠯ ᠵᠢᠷᠭᠠᠯᠲᠤ ᠠᠮᠢᠳᠤᠷᠠᠯ︾᠎ ᠤᠨ ᠳᠤᠮᠳᠠ ᠬᠥᠰᠢᠭᠡ ᠪᠠᠨ ᠰᠡᠬᠦᠵᠦ᠂ ᠸᠠᠩ ᠢ ᠺᠧ᠂ ᠨᠠᠷᠠᠨᠰᠤᠯᠤᠩᠭ᠎ᠠ ᠵᠡᠷᠭᠡ 19 ᠭᠡᠷ ᠪᠦᠯᠢ ᠶᠢᠨ ᠬᠢᠨ ᠳᠠᠷᠠᠭᠠᠯᠠᠨ ᠲᠠᠶᠢᠰᠠᠨ ᠳᠤ ᠭᠠᠷᠴᠤ᠂ ᠥᠪᠡᠷ ᠥᠪᠡᠷ ᠤᠨ ᠤᠷ᠎ᠠ ᠴᠢᠳᠠᠪᠤᠷᠢ᠂ ᠴᠤᠭ ᠵᠢᠪᠬᠤᠭ᠎ᠠ ᠪᠠᠨ ᠭᠠᠶᠢᠬᠠᠭᠤᠯᠵᠠᠢ᠃ ᠳᠠᠭᠤᠤ ᠪᠥᠵᠢᠭ᠂ ᠬᠥᠭᠵᠢᠮ᠂ ᠤᠷᠠᠨ ᠤᠩᠰᠢᠯᠭ᠎ᠠ ᠵᠡᠷᠭᠡ ᠲᠣᠭᠯᠠᠯᠲᠠ ᠡᠭᠡᠯᠵᠢᠯᠡᠨ ᠲᠣᠭᠯᠠᠵᠤ᠂ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠰᠣᠶᠣᠯ ᠪᠠ ᠪᠦᠯᠬᠦᠮᠳᠡᠯ ᠤᠨ ᠭᠤᠸ᠎ᠠ ᠰᠠᠶᠢᠬᠠᠨ ᠢ ᠳᠡᠯᠭᠡᠨ ᠦᠵᠡᠭᠦᠯᠪᠡ᠃     ᠭᠤᠶᠢᠳᠠ ᠰᠠᠶᠢᠬᠠᠨ ᠤᠷ᠎ᠠ ᠴᠢᠳᠠᠪᠤᠷᠢ ᠶᠢᠨ ᠦᠵᠡᠭᠦᠯᠦᠯᠭᠡ ᠪᠠᠷ ᠳᠡᠮᠵᠢᠨ᠂ ᠨᠠᠷᠠᠨᠰᠤᠯᠤᠩᠭ᠎ᠠ ᠶᠢᠨ ᠭᠡᠷ ᠪᠦᠯᠢ ᠶᠢᠨ ᠬᠢᠨ ᠨᠢᠭᠡᠳᠦᠭᠡᠷ ᠳᠡᠰ ᠲᠤ ᠲᠣᠳᠣᠷᠠᠵᠣ᠂ ᠬᠠᠶᠢᠷ᠎ᠠ᠂ ᠣᠨᠣᠨ᠂ ᠢᠦᠢ ᠶᠠᠨ ᠵᠡᠷᠭᠡ ᠭᠤᠷᠪᠠᠨ ᠭᠡᠷ ᠪᠦᠯᠢ ᠬᠤᠶᠠᠳᠤᠭᠠᠷ ᠳᠡᠰ ᠲᠤ ᠲᠣᠳᠣᠷᠠᠵᠣ᠂ ᠠᠮᠤᠷ᠂ ᠦᠯᠡᠮᠵᠢ ᠵᠡᠷᠭᠡ ᠬᠤᠶᠠᠷ ᠭᠡᠷ ᠪᠦᠯᠢ  ᠎ ᠶᠢᠨ ᠬᠢᠨ ᠭᠤᠷᠪᠠᠳᠤᠭᠠᠷ ᠳᠡᠰ ᠲᠤ ᠲᠣᠳᠣᠷᠠᠵᠣ᠂ ᠦ᠋ ᠠᠨ ᠨᠠ᠂  ᠡᠶᠡᠯᠰᠡᠭ ᠵᠡᠷᠭᠡ ᠨᠠᠢᠮᠠᠨ ᠭᠡᠷ ᠪᠦᠯᠢ ᠰᠢᠯᠢᠳᠡᠭ ᠱᠠᠩᠨᠠᠯ ᠭᠥᠷᠳᠡᠵᠦ᠂ ᠸᠠᠩ ᠢ ᠺᠧ᠂ ᠨᠢᠩᠵᠢᠨ ᠵᠡᠷᠭᠡ ᠲᠠᠪᠤᠨ ᠭᠡᠷ ᠪᠦᠯᠢ ᠰᠢᠯᠢᠳᠡᠭ ᠭᠡᠷ ᠪᠦᠯᠢ ᠶᠢᠨ ᠦᠵᠡᠭᠦᠯᠦᠯᠭᠡ ᠶᠢᠨ ᠱᠠᠩᠨᠠᠯ ᠭᠥᠷᠳᠡᠵᠦ᠂ ᠲᠣᠰ ᠤᠷᠤᠯᠳᠤᠭᠠᠨ ᠳᠤ ᠪᠠᠰᠠ ᠠᠶᠢᠮᠠᠭ ᠤᠨ ᠡᠮᠡᠭᠲᠡᠶᠢᠴᠦᠳ ᠤᠨ ᠬᠤᠯᠪᠣᠭᠠᠨ ᠤ ᠨᠠᠶᠢᠳᠠᠯᠭ᠎ᠠ ᠪᠠᠷ ᠪᠥᠬᠦ ᠠᠶᠢᠮᠠᠭ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠰᠠᠶᠢᠨ ᠭᠡᠷ ᠤᠨ ᠰᠤᠷᠲᠠᠯ ᠢᠶᠠᠷ  ᠰᠢᠯᠢᠳᠡᠭ ᠬᠡᠥᠬᠡᠳ ᠢ ᠬᠥᠮᠦᠵᠢᠭᠦᠯᠬᠦ︾ ᠭᠡᠷ ᠪᠦᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠮᠠᠨ ᠤ ᠬᠤᠰᠢᠭᠤᠨ ᠤ ᠱᠠᠩᠨᠠᠯ ᠭᠥᠷᠳᠡᠭᠰᠡᠨ ᠭᠡᠷ ᠪᠦᠯᠢ ᠶᠢᠨ ᠱᠠᠩᠨᠠᠯ ᠤᠨ ᠪᠢᠴᠢᠭ ᠢ ᠭᠠᠷᠳᠠᠭᠤᠯᠪᠠ᠃     ᠲᠤᠰ ᠣᠳᠠᠭᠠᠨ ᠤ ᠤᠷᠤᠯᠳᠤᠭᠠᠨ ᠤ ᠵᠣᠷᠢᠯᠭ᠎ᠠ ᠨᠢ ᠭᠡᠷ ᠪᠦᠯᠢ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠠᠶᠢᠨ ᠰᠠᠶᠢᠬᠠᠨ ᠭᠡᠷ ᠤᠨ ᠰᠤᠷᠲᠠᠯ ᠢ ᠤᠯᠠᠮᠵᠢᠯᠠᠨ ᠪᠤᠢ ᠪᠣᠯᠭᠠᠬᠤ ᠶᠢ ᠠᠬᠢᠭᠤᠯᠵᠤ᠂ ᠡᠷᠡᠭᠦᠯ ᠰᠠᠷᠠᠭᠤᠯ ᠪᠣᠯᠪᠠᠰᠤᠨ ᠠᠮᠢᠳᠤᠷᠠᠯ ᠢ ᠰᠠᠨᠠᠭᠠᠴᠢᠯᠠᠵᠤ᠂ ᠵᠣᠯ ᠵᠢᠷᠭᠠᠯᠲᠤ ᠡᠶ᠎ᠡ ᠵᠣᠬᠢᠴᠠᠩᠭᠤᠢ ᠨᠡᠶᠢᠭᠡᠮ ᠢ ᠬᠠᠮᠲᠤᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠶᠤᠮ᠃ ᠡᠭᠦᠨ ᠤ ᠤᠯᠠᠮ ᠠᠴᠠ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠨᠡᠩ ᠰᠠᠶᠢᠲᠤᠷ ᠪᠣᠶᠢᠵᠢᠭᠤᠯᠤᠨ ᠦᠢᠯᠡᠳᠦᠯᠭᠡᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ  ᠎ ᠳᠤ ᠠᠰᠢᠭᠲᠠᠢ᠃     ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢ  ᠄ ︽ᠦ᠋ ᠠᠨ ᠨᠠ ᠪᠢ ᠪᠤᠯ ᠬᠤᠶᠠᠳᠤᠭᠠᠷ ᠪᠠᠭ᠎ᠠ ᠰᠤᠷᠭᠠᠭᠤᠯᠢ ᠶᠢᠨ ᠦ᠋ ᠠᠨ ᠨᠠ ᠪᠠᠶᠢᠨ᠎ᠠ᠂ ᠪᠢ ᠥᠨᠦᠳᠦᠷ ᠤᠨ ᠣᠷᠣᠯᠳᠣᠭᠠᠨ ᠳᠤ ᠵᠢᠶᠠᠽᠢ ᠬᠡᠩᠭᠡᠷᠭᠡ ᠲᠣᠭᠯᠠᠵᠠᠢ᠂ ᠪᠠᠭ᠎ᠠ ᠠᠴᠠ ᠪᠠᠨ ᠡᠭᠦᠨ ᠢ ᠲᠣᠭᠯᠠᠬᠤ ᠳᠣᠷᠠᠲᠠᠢ ᠪᠠᠶᠢᠵᠤ᠂ ᠲᠠᠪᠤᠨ ᠨᠠᠰᠣᠨ ᠠᠴᠠ ᠪᠠᠨ ᠡᠬᠢᠯᠡᠵᠤ ᠰᠣᠷᠴᠠᠢ᠃ ᠣᠷᠣᠯᠳᠣᠭᠠᠨ ᠳᠤ ᠪᠣᠰᠣᠳ ᠪᠢᠴᠢᠬᠠᠨ ᠨᠠᠶᠢᠵᠠ ᠨᠠᠷ ᠪᠠᠰᠠ ᠮᠠᠰᠢ ᠠᠪᠢᠶᠠᠰᠣᠯᠢᠭ ᠪᠠᠶᠢᠵᠣ᠂ ᠲᠡᠳᠡᠨ ᠤ ᠪᠡᠶ᠎ᠡ ᠳᠡᠭᠡᠷ᠎ᠡ ᠠᠴᠠ ᠮᠠᠰᠢ ᠣᠯᠠᠨ ᠵᠦᠢᠯ ᠢ ᠰᠣᠷᠴᠠᠢ᠃ ᠬᠤᠶᠢᠰᠢᠳᠠ ᠪᠢ ᠵᠢᠶᠠᠽᠢ ᠬᠡᠩᠭᠡᠷᠭᠡ ᠪᠠᠨ ᠨᠡᠩ ᠰᠠᠶᠢᠨ ᠪᠤᠯᠪᠠᠰᠣᠷᠠᠨ᠎ᠠ︾ ᠭᠡᠯ᠎ᠡ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号